Abstract |
ᠰᠤᠳᠨᠠᠮᠷᠠᠪᠳᠠᠨ ᠪᠤᠯ 20 ᠳᠤᠭᠠᠷ ᠵᠠᠭᠤᠨ ᠤ 50 ᠭᠠᠳ ᠣᠨ ᠠᠴᠠ ᠨᠠᠭᠠᠰᠢ ᠶᠡᠬᠡ ᠳᠡᠭᠡᠳᠦ ᠰᠤᠷᠭᠠᠭᠤᠯᠢ ᠳᠤ 30 ᠭᠠᠳ ᠵᠢᠯ ᠪᠠᠭᠰᠢᠯᠠᠵᠤ᠂ ᠮᠣᠩᠭᠤᠯ ᠤᠷᠠᠨ ᠵᠤᠬᠢᠶᠠᠯ ᠤᠨ ᠰᠤᠳᠤᠯᠭᠠᠨ ᠤ ᠠᠵᠢᠯ ᠳᠤ 20 ᠭᠠᠳ ᠵᠢᠯ ᠵᠢᠳᠭᠦᠭᠰᠡᠨ 《ᠮᠣᠩᠭᠤᠯ ᠦᠨᠳᠦᠰᠦᠲᠡᠨ ᠦ ᠰᠤᠷᠭᠠᠨ ᠬᠦᠮᠦᠵᠢᠯ ᠦᠨ ᠵᠢᠳᠭᠦᠯᠲᠡᠨ᠂ ᠮᠠᠨ ᠤ ᠤᠯᠤᠰ ᠤᠨ ᠮᠣᠩᠭᠤᠯ ᠢᠶᠠᠷ ᠬᠢᠴᠢᠶᠡᠯᠯᠡᠬᠦ ᠶᠡᠬᠡ ᠳᠡᠭᠡᠳᠦ ᠰᠤᠷᠭᠠᠭᠤᠯᠢ ᠶᠢᠨ 〈ᠤᠳᠬ᠎ᠠ ᠵᠤᠬᠢᠶᠠᠯ ᠤᠨ ᠣᠨᠣᠯ〉 ᠤᠨ ᠬᠢᠴᠢᠶᠡᠯ ᠦᠨ ᠰᠠᠭᠤᠷᠢ ᠶᠢ ᠲᠠᠯᠪᠢᠭᠰᠠᠨ ᠪᠠᠭᠰᠢ ᠶᠢᠨ ᠨᠢᠭᠡ᠂ ᠤᠳᠬ᠎ᠠ ᠵᠤᠬᠢᠶᠠᠯ ᠤᠨ ᠣᠨᠣᠯᠴᠢ᠂ ᠰᠢᠭᠦᠮᠵᠢᠯᠡᠭᠴᠢ ᠪᠦᠭᠡᠳ ᠤᠳᠬ᠎ᠠ ᠵᠤᠬᠢᠶᠠᠯ ᠤᠨ ᠦᠢᠯᠡᠰ ᠦᠨ ᠭᠠᠷᠮᠠᠭᠠᠢ ᠵᠤᠬᠢᠶᠠᠨ ᠪᠠᠢᠭᠤᠯᠤᠭᠴᠢ》 ᠪᠤᠯᠤᠨ᠎ᠠ᠃ ᠦᠭᠦᠯᠡᠯ ᠳᠦ᠂ ᠤᠳᠬ᠎ᠠ ᠵᠤᠬᠢᠶᠠᠯ ᠤᠨ ᠣᠨᠣᠯ ᠤᠨ ᠦᠨᠳᠦᠰᠦᠨ ᠠᠰᠠᠭᠤᠳᠠᠯ ᠪᠤᠯᠬᠤ ᠤᠳᠬ᠎ᠠ ᠰᠡᠳᠦᠪ ᠦᠨ ᠲᠤᠬᠠᠢ ᠰᠤᠳᠨᠠᠮᠷᠠᠪᠳᠠᠨ ᠤ ᠦᠵᠡᠯᠲᠡ ᠶᠢ ᠳᠦᠷᠪᠡᠨ ᠲᠠᠯ᠎ᠠ ᠠᠴᠠ ᠦᠭᠦᠯᠡᠬᠦ ᠶᠢ ᠵᠤᠷᠢᠪᠠ᠃ |