Paper Information


Title ᠠᠨᠠᠭᠠᠬᠤ ᠤᠬᠠᠭᠠᠨ ᠤ ᠡᠷᠳᠡᠮ ᠰᠢᠨᠵᠢᠯᠡᠭᠡᠨ ᠦ ᠦᠭᠦᠯᠡᠯ ᠦᠨ ᠳᠤᠲᠤᠭᠠᠳᠤ ᠴᠢᠨᠠᠷ ᠴᠢᠨᠰᠠᠭ᠎ᠠ ᠶᠢᠨ ᠲᠤᠬᠠᠢ
Creator ᠰᠠᠶᠢᠬᠠᠨᠴᠡᠴᠡᠭ
Keyword ᠠᠨᠠᠭᠠᠬᠤ ᠤᠬᠠᠭᠠᠨ ᠤ ᠡᠷᠳᠡᠮ ᠰᠢᠨᠵᠢᠯᠡᠭᠡᠨ ᠦ ᠦᠭᠦᠯᠡᠯ; ᠦᠨᠳᠦᠰᠦᠨ ᠤᠨᠴᠠᠯᠢᠭ ᠪᠠ ᠱᠠᠭᠠᠷᠳᠠᠯᠭ᠎ᠠ; ᠤᠨᠤᠯ ᠰᠢᠨᠵᠢᠯᠡᠭᠡ
Abstract ᠠᠨᠠᠭᠠᠬᠤ ᠤᠬᠠᠭᠠᠨ ᠤ ᠡᠷᠳᠡᠮ ᠰᠢᠨᠵᠢᠯᠡᠭᠡᠨ ᠦ ᠦᠭᠦᠯᠡᠯ ᠨᠢ ᠦᠪᠡᠷ ᠦᠨ ᠤᠨᠴᠠᠯᠢᠭ ᠪᠠ ᠦᠨᠳᠦᠰᠦᠨ ᠱᠠᠭᠠᠷᠳᠠᠯᠭ᠎ᠠ ᠲᠠᠢ ᠪᠠᠶᠢᠳᠠᠭ᠃ ᠬᠠᠷᠢᠨ ᠲᠡᠭᠦᠨ ᠢ ᠶᠠᠷᠦ ᠶᠢᠨ ᠮᠡᠳᠡᠯᠭᠡ ᠶᠢᠨ ᠴᠢᠨᠠᠷᠲᠠᠢ ᠵᠤᠬᠢᠶᠠᠯ ᠪᠠ ᠬᠢᠴᠢᠶᠡᠯ ᠦᠨ ᠪᠢᠴᠢᠭ᠌ ᠨᠠᠶᠢᠷᠠᠭᠤᠯᠬᠤ ᠯᠤᠭ᠎ᠠ ᠬᠤᠳᠬᠤᠵᠤ ᠪᠤᠯᠬᠤ ᠦᠭᠡᠢ᠃ ᠲᠡᠷᠡ ᠨᠢ ᠰᠢᠨᠵᠢᠯᠡᠬᠦ ᠤᠬᠠᠭᠠᠨᠴᠢ ᠴᠢᠨᠠᠷ᠂ ᠪᠦᠲᠦᠭᠡᠯᠴᠢ ᠴᠢᠨᠠᠷ᠂ ᠬᠡᠷᠡᠭᠴᠡᠭᠡᠲᠦ ᠴᠢᠨᠠᠷ ᠵᠡᠷᠭᠡ ᠤᠨᠴᠠᠯᠢᠭ ᠲᠠᠢ ᠪᠠᠶᠢᠭ᠎ᠠ ᠮᠦᠷᠲᠡᠭᠡᠨ 《ᠰᠢᠨ᠎ᠡ》ᠪᠠᠶᠢᠬᠤ ᠶᠢ ᠱᠠᠭᠠᠷᠳᠠᠳᠠᠭ᠃ ᠲᠤᠬᠠᠶᠢᠯᠠᠪᠠᠯ᠂ ᠰᠡᠳᠦᠪ ᠰᠤᠩ᠋ᠭᠤᠯᠲᠠ ᠨᠢ ᠰᠢᠨ᠎ᠡ᠂ ᠦᠵᠡᠯᠲᠡ ᠨᠢ ᠰᠢᠨ᠎ᠡ᠂ ᠠᠰᠢᠭᠯᠠᠭᠰᠠᠨ ᠮᠠᠲ᠋ᠧᠷᠢᠶᠠᠯ ᠨᠢ ᠰᠢᠨ᠎ᠡ᠂ ᠨᠤᠲᠠᠯᠠᠯᠲᠠ ᠶᠢᠨ ᠠᠷᠭ᠎ᠠ ᠨᠢ ᠰᠢᠨ᠎ᠡ ᠪᠠᠶᠢᠬᠤ ᠶᠢ ᠱᠠᠭᠠᠷᠳᠠᠳᠠᠭ᠃ ᠶᠡᠷᠦᠩᠬᠡᠶᠢᠯᠡᠪᠡᠯ᠂ ᠠᠨᠠᠭᠠᠬᠤ ᠤᠬᠠᠭᠠᠨ ᠤ ᠦᠭᠦᠯᠡᠯ ᠢ ᠪᠢᠴᠢᠬᠦ ᠳᠡᠭᠡᠨ ᠵᠠᠪᠠᠯ ᠠᠨᠠᠭᠠᠬᠤ ᠤᠬᠠᠭᠠᠨ ᠢ ᠬᠦᠭ᠍ᠵᠢᠭᠦᠯᠬᠦ᠂ ᠰᠢᠨ᠎ᠡ ᠶᠢ ᠡᠭᠦᠳᠬᠦ ᠵᠤᠷᠢᠯᠭ᠎ᠠ ᠠᠴᠠ ᠡᠭᠦᠰᠬᠦ ᠬᠡᠷᠡᠭᠲᠡᠢ᠃
Original Literature View Original Paper
出自 内蒙古民族大学学报(自然科学) 2005年 第2期

联系我们


内蒙古大学图书馆
呼和浩特市大学西路235号
中国·内蒙古
P: (0471) 4992561
E: huangfeilong@imu.edu.cn