Title |
ᠮᠠᠨ ᠦ ᠤᠷᠤᠨ ᠦ ᠬᠦᠳᠡᠭᠡ ᠲᠤᠰᠬᠤᠨ ᠮᠠᠯᠵᠢᠬᠤ ᠣᠷᠣᠨ ᠦ ᠰᠤᠶᠤᠯ ᠤᠨ ᠪᠠᠢᠭᠤᠯᠤᠯᠲᠠ ᠶᠢᠨ ᠲᠤᠬᠠᠢ ᠪᠤᠳᠤᠯᠬᠢᠯᠠᠯ |
Creator |
ᠭᠡᠷᠡᠯᠴᠡᠴᠡᠭ |
Keyword |
ᠬᠦᠳᠡᠭᠡ ᠲᠤᠰᠬᠤᠨ ᠮᠠᠯᠵᠢᠬᠤ ᠣᠷᠣᠨ ᠦ ᠰᠤᠶᠤᠯ ᠤᠨ ᠪᠠᠢ᠌ᠭᠤᠯᠤᠯᠲᠠ ; ᠤᠳᠤᠬᠢ ᠪᠠᠢ᠌ᠳᠠᠯ᠋ ᠭᠦᠭ᠍ᠵᠢᠭᠦᠯᠬᠦ ᠠᠷᠭ᠎ᠠ ᠪᠤᠳᠤᠯᠭ᠎ᠠ |
Abstract |
ᠮᠠᠨ ᠦ ᠤᠷᠤᠨ ᠦ ᠬᠦᠳᠡᠭᠡ ᠲᠤᠰᠬᠤᠨ ᠮᠠᠯᠵᠢᠬᠤ ᠣᠷᠣᠨ ᠦ ᠰᠤᠶᠤᠯ ᠤᠨ ᠪᠠᠢ᠌ᠭᠤᠯᠤᠯᠲᠠ ᠶᠢᠨ ᠳᠤᠮᠳᠠ ᠭᠡᠰᠡᠭ ᠺᠠᠳ᠋ᠷᠴᠤᠤᠨ ᠠᠵᠤ ᠠᠬᠤᠢ ᠶᠢᠨ ᠪᠦᠳᠦᠭᠡᠨ ᠪᠠᠢ᠌ᠭᠤᠯᠤᠯᠲᠠ ᠶᠢ ᠯᠠ ᠴᠢᠬᠤᠯᠠᠴᠢᠯᠠᠭᠠᠳ᠂ ᠰᠤᠶᠤᠯ ᠤᠨ ᠪᠠᠢ᠌ᠭᠤᠯᠤᠯᠲᠠ ᠶᠢ ᠤᠮᠳᠤᠭᠠᠢ᠌ᠯᠠᠬᠤ᠂ ᠮᠠᠯᠴᠢᠨ ᠲᠠᠷᠢᠶᠠᠴᠢᠨ ᠦ ᠬᠡᠪ ᠴᠢᠨᠠᠷ ᠲᠦᠭᠡᠮᠡᠯ ᠲᠤᠤᠷ ᠠ ᠪᠠᠢ᠌ᠬᠤ ᠪᠠ ᠵᠢᠵᠢᠭ ᠲᠠᠷᠢᠶᠠᠴᠢᠨ ᠦ ᠦᠵᠡᠯ ᠤᠬᠠᠮᠰᠠᠷ ᠨᠢ ᠹᠸᠦᠳᠡᠯ ᠤᠨ ᠮᠤᠬᠤᠷ ᠪᠢᠰᠢᠷᠡᠯ ᠤᠨ ᠤᠯᠠᠢ᠌ᠷᠠᠯ ᠪᠠ ᠱᠠᠰᠢᠨ ᠰᠤᠷᠳᠠᠬᠤᠨ ᠦ ᠬᠦᠳᠡᠯᠭᠡᠭᠡᠨ ᠦ ᠳᠡᠯᠭᠡᠷᠡᠬᠦ ᠶᠢ ᠡᠭᠦᠰᠭᠡᠵᠦ᠂ ᠰᠤᠶᠤᠯ ᠤᠨ ᠪᠠᠢ᠌ᠭᠤᠯᠤᠯᠲᠠ ᠶᠢ ᠰᠤᠯᠠᠷᠠᠭᠤᠯᠵᠤ ᠪᠠᠢ᠌ᠬᠤ ᠪᠠ ᠠᠵᠤ ᠠᠬᠤᠢ ᠬᠤᠴᠤᠷᠤᠩᠭ᠋ᠤᠢ ᠪᠠᠢ᠌ᠬᠤ ᠨᠢ ᠬᠦᠳᠡᠭᠡ ᠲᠤᠰᠬᠤᠨ ᠮᠠᠯᠵᠢᠬᠤ ᠣᠷᠣᠨ ᠦ ᠰᠤᠶᠤᠯ ᠤᠨ ᠲᠤᠨᠤᠭ ᠳᠦᠭᠦᠭᠡᠷᠦᠮᠵᠢ ᠶᠢᠨ ᠪᠦᠳᠦᠭᠡᠨ ᠪᠠᠢ᠌ᠭᠤᠯᠤᠯᠲᠠ ᠶᠢ ᠤᠲᠠᠭᠠᠰᠢᠷᠠᠭᠤᠯᠵᠤ ᠪᠠᠢ᠌ᠬᠤ ᠵᠡᠷᠭᠡ ᠠᠰᠠᠭᠤᠳᠠᠯ ᠤᠷᠤᠰᠢᠵᠤ ᠪᠤᠢ᠃ ᠡᠳᠡᠭᠡᠷ ᠠᠰᠠᠭᠤᠳᠠᠯ ᠳᠤ ᠴᠢᠭᠯᠡᠭᠦᠯᠵᠦ᠂ ᠨᠢᠭᠡ ᠲᠠᠯ ᠠ ᠪᠠᠷ ᠦᠨᠳᠦᠰᠦᠨ ᠱᠠᠳᠤᠨ ᠦ ᠨᠠᠮ ᠤᠨ ᠪᠦᠳᠦᠭᠡᠨ ᠪᠠᠢ᠌ᠭᠤᠯᠤᠯᠲᠠ ᠶᠢ ᠴᠢᠩᠭ᠋ ᠠ ᠠᠳᠬᠤᠵᠤ᠂ ᠬᠦᠳᠡᠭᠡ ᠲᠤᠰᠬᠤᠨ ᠮᠠᠯᠵᠢᠬᠤ ᠣᠷᠣᠨ ᠦ ᠰᠤᠶᠤᠯ ᠤᠨ ᠪᠠᠢ᠌ᠭᠤᠯᠤᠯᠲᠠ ᠳᠡᠬᠢ ᠵᠢᠯᠤᠭᠤᠳᠬᠤ ᠦᠢᠯᠡᠳᠦᠯ ᠢ ᠴᠢᠩᠭ᠋ᠠᠳᠬᠠᠬᠤ ᠶᠢᠨ ᠬᠠᠮᠲᠤ ᠲᠠᠷᠢᠶᠠᠴᠢᠨ ᠮᠠᠯᠴᠢᠳ ᠤᠨ ᠬᠠᠤᠯᠢ ᠲᠦᠷᠢᠮ ᠤᠨ ᠬᠥᠮᠥᠵᠢᠯ ᠢ ᠴᠢᠩᠭ᠋ᠠᠳᠬᠠᠵᠤ᠂ ᠬᠦᠳᠡᠭᠡ ᠳᠤᠰᠬᠠᠤᠨ ᠮᠠᠯᠵᠢᠬᠤ ᠤᠷᠤᠨ ᠦ ᠠᠮᠤᠷ ᠲᠦᠪᠰᠢᠨ ᠦ ᠠᠵᠢᠯ ᠢ ᠰᠠᠢ᠌ᠳᠤᠷ ᠬᠢᠵᠦ ᠶᠡᠷᠦᠩᠬᠡᠢ᠌ᠯᠠᠨ ᠵᠠᠰᠠᠬᠤ ᠭᠡᠷᠡᠭᠳᠡᠢ᠂ ᠡᠭᠦᠨ ᠦ ᠬᠠᠮᠲᠤ ᠭᠠᠵᠠᠷ ᠤᠷᠤᠨ ᠦ ᠪᠤᠳᠠᠳᠤ ᠪᠠᠢ᠌ᠳᠠᠯ ᠳᠠᠭᠠᠨ ᠲᠤᠬᠢᠷᠠᠭᠤᠯᠤᠨ ᠠᠵᠤ ᠠᠬᠤᠢ ᠪᠡᠨ ᠬᠦᠭ᠍ᠵᠢᠭᠦᠯᠵᠦ᠂ ᠪᠤᠳᠠᠰ ᠤᠨ ᠪᠤᠯᠪᠠᠰᠤᠨ ᠦ ᠪᠠᠢ᠌ᠭᠤᠯᠤᠯᠲᠠ ᠪᠠᠷ ᠰᠤᠶᠤᠯ ᠤᠨ ᠪᠠᠢ᠌ᠭᠤᠯᠤᠯᠲᠠ ᠶᠢ ᠲᠠᠢ᠌ᠴᠢᠯᠠᠨ ᠠᠬᠢᠭᠤᠯᠬᠤ ᠭᠡᠷᠡᠭᠳᠠᠢ᠃ |
Original Literature |
View Original Paper
|
出自 |
内蒙古师范大学学报
2006年
第4期
|