Title |
ᠬᠤᠰᠢᠭᠤ ᠰᠢᠶᠠᠨ ᠤ ᠠᠵᠤ ᠠᠬᠤᠢ ᠶᠢᠨ ᠦᠰᠦᠷᠦᠯᠲᠡ ᠶᠢᠨ ᠴᠢᠨᠠᠷᠲᠠᠢ ᠬᠦᠭ᠍ᠵᠢᠯᠲᠡ ᠶᠢ ᠪᠡᠶᠡᠯᠡᠭᠦᠯᠬᠦ ᠲᠤᠬᠠᠢ |
Creator |
ᠲᠠᠨ᠎ᠠ |
Keyword |
ᠲᠠᠷᠢᠶᠠᠯᠠᠩ ᠮᠠᠯ ᠠᠵᠤ ᠠᠬᠤᠢ; ᠠᠵᠤ ᠦᠢᠯᠡᠰᠵᠢᠯᠲᠡ; ᠬᠤᠰᠢᠭᠤ ᠰᠢᠶᠠᠨ ᠤ ᠠᠵᠤ ᠠᠬᠤᠢ; ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠭᠦᠯᠬᠦ |
Abstract |
ᠦᠭᠦᠯᠡᠯ ᠳᠦ ᠬᠤᠰᠢᠭᠤ ᠰᠢᠶᠠᠨ ᠤ ᠠᠵᠤ ᠠᠬᠤᠢ ᠶᠢ ᠬᠦᠭ᠍ᠵᠢᠭᠦᠯᠬᠦ ᠪᠤᠯ ᠬᠤᠲᠠ ᠬᠦᠳᠡᠭᠡ ᠶᠢᠨ ᠠᠵᠤ ᠠᠬᠤᠢ ᠪᠠ ᠨᠡᠢ᠌ᠭᠡᠮ ᠦᠨ ᠬᠦᠭ᠍ᠵᠢᠯᠲᠡ ᠶᠢ ᠨᠢᠭᠡᠲᠦᠯᠲᠡᠢ ᠬᠠᠷᠠᠭᠠᠯᠵᠠᠵᠤ᠂ ᠬᠦᠳᠡᠭᠡ ᠠᠵᠤ ᠠᠬᠤᠢ ᠶᠢ ᠬᠦᠭ᠍ᠵᠢᠭᠦᠯᠦᠨ᠂ ᠠᠮᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠭᠦᠯᠵᠦ᠂ ᠴᠢᠨᠡᠭᠡᠯᠢᠭ᠌ ᠨᠡᠢ᠌ᠭᠡᠮ ᠢ ᠪᠦᠬᠦ ᠲᠠᠯ᠎ᠠ ᠪᠠᠷ ᠪᠠᠢ᠌ᠭᠤᠯᠬᠤ ᠶᠢᠨ ᠴᠢᠬᠤᠯᠠ ᠱᠠᠭᠠᠷᠳᠠᠯᠭ᠎ᠠ ᠪᠠ ᠠᠭᠤᠯᠭ᠎ᠠ ᠪᠤᠯᠤᠨ᠎ᠠ᠃ ᠲᠠᠷᠢᠶᠠᠯᠠᠩ ᠮᠠᠯ ᠠᠬᠤᠢ ᠶᠢᠨ ᠠᠵᠤ ᠦᠢᠯᠡᠰᠵᠢᠯᠲᠡ ᠶᠢᠨ ᠠᠬᠢᠴᠠ ᠶᠢ ᠲᠦᠷᠭᠡᠳᠭᠡᠬᠦ ᠪᠤᠯ ᠬᠦᠳᠡᠭᠡ ᠲᠤᠰᠬᠤᠨ ᠮᠠᠯᠴᠢᠬᠤ ᠤᠷᠤᠨ ᠤ ᠠᠵᠤ ᠠᠬᠤᠢ ᠶᠢᠨ ᠪᠦᠲᠦᠴᠡ ᠶᠢ ᠲᠤᠬᠢᠷᠠᠭᠤᠯᠤᠨ᠂ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠭᠦᠯᠵᠦ᠂ ᠮᠠᠨ ᠤ ᠤᠷᠤᠨ ᠤ ᠬᠤᠰᠢᠭᠤ ᠰᠢᠶᠠᠨ ᠤ ᠠᠵᠤ ᠠᠬᠤᠢ ᠶᠢ ᠬᠦᠭ᠍ᠵᠢᠭᠦᠯᠬᠦ ᠶᠢᠨ ᠰᠠᠭᠤᠷᠢ ᠪᠠ ᠭᠤᠤᠯᠳᠠᠯᠭ᠎ᠠ ᠪᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠢᠶᠠᠷ ᠮᠠᠰᠢ ᠡᠯᠪᠡᠭ᠌ ᠮᠠᠨ ᠤ ᠤᠷᠤᠨ ᠳᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠡᠵᠡᠩᠨᠡᠯᠲᠡ ᠶᠢ ᠬᠤᠰᠢᠭᠤ ᠰᠢᠶᠠᠨ ᠤ ᠠᠵᠤ ᠠᠬᠤᠢ ᠶᠢ ᠬᠦᠭ᠍ᠵᠢᠭᠦᠯᠬᠦ ᠶᠢᠨ ᠰᠢᠪᠳᠤᠯᠤᠯᠲᠠ ᠶᠢᠨ ᠴᠡᠭ ᠪᠤᠯᠭᠠᠨ ᠴᠢᠩ᠋ᠭ᠎ᠠ ᠠᠳᠬᠤᠬᠤ ᠬᠡᠷᠡᠭᠲᠡᠢ ᠭᠡᠳᠡᠭ ᠢ ᠦᠭᠦᠯᠡᠵᠡᠢ᠃ |
Original Literature |
View Original Paper
|
出自 |
内蒙古社会科学(蒙文版)
2005年
第2期
|