Title |
ᠯ᠂ ᠯᠤᠷᠸᠠᠽᠢ ᠶᠢᠨ 《ᠮᠤᠨᠭᠭᠤᠯ ᠠᠷᠠᠳ ᠤᠨ ᠶᠠᠪᠠᠭᠠᠨ ᠦᠯᠢᠭᠡᠷ ᠦᠨ ᠬᠡᠪ ᠰᠢᠨᠵᠢ》ᠭᠡᠬᠦ ᠪᠦᠲᠦᠭᠡᠯ ᠦᠨ ᠲᠤᠬᠠᠢ |
Creator |
ᠰᠡᠴᠡᠨᠮᠦᠶ᠍ᠩᠬᠡ |
Keyword |
ᠯ᠂ ᠯᠤᠷᠸᠠᠽᠢ᠂ 《ᠮᠤᠨᠭᠭᠤᠯ ᠠᠷᠠᠳ ᠤᠨ ᠶᠠᠪᠠᠭᠠᠨ ᠦᠯᠢᠭᠡᠷ ᠦᠨ ᠬᠡᠪ ᠰᠢᠨᠵᠢ》᠂ ᠲᠤᠪᠶᠤᠭ ᠤᠨ ᠲᠤᠬᠠᠢ |
Abstract |
ᠮᠤᠨᠭᠭᠤᠯ ᠠᠷᠠᠳ ᠤᠨ ᠶᠠᠪᠠᠭᠠᠨ ᠦᠯᠢᠭᠡᠷ ᠦᠨ ᠬᠡᠪ ᠰᠢᠨᠵᠢ ᠶᠢᠨ ᠬᠠᠮᠤᠭ ᠠᠩ᠋ᠬᠠᠨ ᠤ ᠲᠤᠪᠶᠤᠭ ᠢ ᠬᠠᠩ᠋ᠭᠠᠷᠢ ᠶᠢᠨ ᠡᠷᠳᠡᠮᠲᠡᠨ ᠯ᠂ ᠯᠤᠷᠸᠠᠽᠢ ᠭᠦᠢᠴᠡᠳᠭᠡᠭ᠍ᠰᠡᠨ ᠪᠠᠶᠢᠨ᠎ᠠ᠃ ᠯ᠂ ᠯᠤᠷᠸᠠᠽᠢ ᠠᠴᠠ ᠮᠤᠨᠭᠭᠤᠯ ᠠᠷᠠᠳ ᠤᠨ ᠶᠠᠪᠠᠭᠠᠨ ᠦᠯᠢᠭᠡᠷ ᠦᠨ ᠬᠡᠪ ᠰᠢᠨᠵᠢ ᠨᠦᠬᠦᠳ ᠢ AT᠋ ᠤᠨ ᠠᠩᠭᠢᠯᠠᠯ ᠤᠨ ᠰᠢᠰᠲ᠋ᠧᠮ ᠳᠦ ᠤᠷᠤᠭᠤᠯᠵᠤ ᠦᠭ᠍ᠭᠦᠭ᠍ᠰᠡᠨ ᠶᠠᠪᠤᠳᠠᠯ ᠨᠢ ᠠᠮᠵᠢᠯᠲᠠ ᠲᠠᠢ ᠲᠤᠷᠰᠢᠯᠲᠠ ᠪᠤᠯᠤᠭᠰᠠᠨ ᠢᠶᠠᠷ ᠪᠠᠷᠠᠬᠤ ᠦᠭᠡᠢ ᠨᠡᠩ ᠴᠢᠬᠤᠯᠠ ᠨᠢ ᠡᠨᠡ ᠲᠠᠯ᠎ᠠ ᠶᠢᠨ ᠬᠤᠭᠤᠤᠨ ᠤᠷᠤᠨ ᠵᠠᠢ ᠶᠢ ᠨᠦᠬᠦᠪᠦᠷᠢᠯᠡᠭᠰᠡᠨ ᠭᠡᠵᠦ ᠬᠡᠯᠡᠵᠦ ᠪᠤᠯᠬᠤ ᠶᠤᠮ᠃ ᠬᠡᠯᠡᠯᠭᠡᠨ ᠦᠭᠡᠢ ᠮᠤᠨᠭᠭᠤᠯ ᠠᠷᠠᠳ ᠤᠨ ᠶᠠᠪᠠᠭᠠᠨ ᠦᠯᠢᠭᠡᠷ ᠢ ᠪᠦᠬᠦᠯᠢ ᠴᠤᠭᠴᠠ ᠳᠤᠨᠢ AT᠋ ᠤᠨ ᠠᠩᠭᠢᠯᠠᠯ ᠤᠨ ᠰᠢᠰᠲ᠋ᠧᠮ ᠳᠤ ᠤᠷᠤᠭᠤᠯᠬᠤ ᠭᠡᠪᠡᠯ ᠵᠠᠷᠢᠮ ᠨᠢᠭᠡᠨ ᠲᠠᠯ᠎ᠠ ᠪᠠᠷ ᠢᠶᠠᠨ ᠤᠴᠢᠷ ᠳᠤᠲᠠᠭᠳᠠᠯ ᠲᠠᠢ ᠪᠤᠯᠵᠤ ᠮᠡᠳᠡᠨ᠎ᠡ᠃ ᠡᠶᠢᠮᠦᠷᠬᠦᠦ ᠦᠵᠡᠭᠳᠡᠯ ᠭᠠᠷᠬᠤ ᠠᠴᠠ ᠵᠠᠶᠢᠯᠠᠰᠬᠢᠬᠦ ᠶᠢᠨ ᠲᠦᠯᠦᠭᠡ ᠯ᠂ ᠯᠤᠷᠸᠠᠽᠢ ᠠᠴᠠ ᠮᠤᠨᠭᠭᠤᠯ ᠠᠷᠠᠳ ᠤᠨ ᠶᠠᠪᠠᠭᠠᠨ ᠦᠯᠢᠭᠡᠷ ᠦᠨ ᠦᠪᠡᠷᠮᠢᠴᠡ ᠤᠨᠴᠠᠯᠢᠭ ᠢ ᠨᠢ ᠤᠨᠴᠠᠭᠠᠶᠢᠯᠠᠨ ᠠᠩ᠋ᠬᠠᠷᠤᠭᠰᠠᠨ ᠰᠠᠭᠤᠷᠢᠨ ᠳᠡᠭᠡᠷ᠎ᠡ ᠮᠢᠩ᠋ᠭ᠎ᠠ ᠲᠠᠪᠤᠨ ᠵᠠᠭᠤᠨ ᠦᠯᠢᠭᠡᠷ ᠦᠨ ᠳᠤᠲᠤᠷ᠎ᠠ ᠠᠴᠠ ᠭᠤᠷᠪᠠᠨ ᠵᠠᠭᠤ ᠳᠠᠯ᠎ᠠ ᠭᠠᠷᠤᠢ ᠦᠯᠢᠭᠡᠷ ᠦᠨ ᠬᠡᠪ ᠰᠢᠨᠵᠢ ᠶᠢ AT᠋ ᠤᠨ ᠠᠩᠭᠢᠯᠠᠯ ᠤᠨ ᠰᠢᠰᠲ᠋ᠧᠮ ᠳᠦ ᠠᠳᠠᠯᠢ ᠪᠤᠶᠤ ᠤᠶᠢᠷᠠᠯᠴᠠᠭ᠎ᠠ ᠭᠡᠰᠡᠨ ᠤᠳᠬ᠎ᠠ ᠪᠠᠷ ᠤᠷᠤᠭᠤᠯᠵᠤ ᠦᠭ᠍ᠬᠦ ᠶᠢᠨ ᠵᠡᠷᠭᠡᠴᠡᠭᠡ AT᠋ ᠤᠨ ᠠᠩᠭᠢᠠᠯᠠᠯ ᠤᠨ ᠰᠢᠰᠲ᠋ᠧᠮ ᠳᠦ ᠤᠷᠤᠵᠤ ᠴᠢᠳᠠᠬᠤ ᠦᠭᠡᠢ ᠭᠡᠰᠡᠨ ᠮᠤᠨᠭᠭᠤᠯ ᠦᠯᠢᠭᠡᠷ ᠦᠨ ᠬᠡᠪ ᠰᠢᠨᠵᠢ ᠶᠢ ᠲᠤᠰ ᠲᠤᠨᠢ ᠵᠢᠭᠰᠠᠭᠠᠵᠤ ᠦᠭ᠍ᠭᠦᠭ᠍ᠰᠡᠨ ᠶᠠᠪᠤᠳᠠᠯ ᠨᠢ ᠰᠢᠨᠵᠢᠯᠡᠬᠦ ᠤᠬᠠᠭᠠᠨᠴᠢ ᠠᠷᠭ᠎ᠠ ᠪᠠᠷᠢᠯ ᠪᠤᠯᠤᠭᠰᠠᠨ ᠭᠡᠳᠡᠭ ᠢ ᠤᠨᠴᠠᠭᠠᠶᠢᠯᠠᠨ ᠳᠤᠷᠠᠳᠬᠤ ᠶᠤᠰᠤᠲᠠᠢ᠃ ᠡᠶᠢᠮᠦ ᠡᠴᠡ ᠡᠨᠡ ᠬᠦ ᠲᠤᠪᠶᠤᠭ ᠨᠢ ᠮᠤᠨᠭᠭᠤᠯ ᠠᠷᠠᠳ ᠤᠨ ᠶᠠᠪᠠᠭᠠᠨ ᠦᠯᠢᠭᠡᠷ ᠦᠨ ᠰᠤᠳᠤᠯᠤᠯ ᠳᠤ ᠴᠢᠬᠤᠯᠠ ᠪᠠᠭᠠᠵᠢ ᠬᠡᠷᠡᠭᠯᠡᠭᠦᠷ ᠪᠤᠯᠬᠤ ᠶᠤᠮ᠃ ᠭᠡᠬᠦ ᠳᠡᠭᠡᠨ ᠡᠨᠡ ᠬᠦ ᠪᠦᠲᠦᠭᠡᠯ ᠨᠢ ᠤᠳᠤ ᠪᠤᠯᠲᠠᠯ᠎ᠠ ᠮᠤᠨᠭᠭᠤᠯ ᠬᠡᠯᠡᠨ ᠳᠦ ᠤᠷᠴᠢᠭᠤᠯᠤᠭᠳᠠᠭᠠ ᠦᠭᠡᠢ ᠤᠴᠢᠷ ᠠᠴᠠ ᠤᠯᠠᠩᠭᠢ ᠰᠤᠳᠤᠯᠤᠭᠴᠢᠳ ᠤᠨ ᠬᠦᠷᠲᠭᠡᠯ ᠪᠤᠯᠵᠤ ᠴᠢᠳᠠᠭ᠎ᠠ ᠦᠭᠡᠢ ᠪᠠᠶᠢᠨ᠎ᠠ᠃ |
Original Literature |
View Original Paper
|
出自 |
中国蒙古学
2010年
第6期
|