Paper Information


Title 《ᠮᠣᠩᠭᠤᠯ ᠤᠨ ᠨᠢᠭᠤᠴᠠ ᠲᠤᠪᠴᠢᠶᠠᠨ》 ᠤ ᠬᠦᠦᠷᠨᠢᠯ ᠦᠨ ᠵᠠᠭᠪᠤᠷ ᠤᠨ ᠲᠤᠬᠠᠢ
Creator ᠮᠦᠩᠭᠦᠨᠨᠠᠪᠴᠢ
Keyword 《ᠮᠣᠩᠭᠤᠯ ᠤᠨ ᠨᠢᠭᠤᠴᠠ ᠲᠤᠪᠴᠢᠶᠠᠨ》; ᠬᠦᠦᠷᠨᠢᠯ; ᠰᠢᠯᠲᠠᠭᠠᠨ ᠦᠷ᠎ᠡ; ᠬᠦᠦᠷᠨᠢᠯ ᠦᠨ ᠵᠠᠭᠪᠤᠷ
Abstract 《ᠮᠣᠩᠭᠤᠯ ᠤᠨ ᠨᠢᠭᠤᠴᠠ ᠲᠤᠪᠴᠢᠶᠠᠨ》 ᠤ ᠬᠦᠦᠷᠨᠢᠯ ᠨᠢ ᠠᠯᠢᠪᠠ ᠬᠡᠷᠡᠭ ᠶᠠᠪᠤᠳᠠᠯ ᠢ ᠪᠦᠷ ᠠᠵᠢᠯᠯᠠᠭ᠎ᠠ ᠪᠠᠷ ᠰᠠᠭᠤᠷᠢᠯᠠᠵᠤ᠂ ᠪᠦᠷ ᠲᠤᠭᠲᠠᠭᠰᠠᠨ ᠣᠷᠴᠢᠨ ᠲᠤᠭᠤᠷᠢᠨ ᠳᠤ ᠨᠢᠭᠡ ᠪᠦᠯᠦᠭ ᠬᠦᠮᠦᠰ ᠪᠤᠯᠤᠨ ᠨᠢᠭᠡ ᠪᠦᠯᠦᠭ ᠦᠢᠯᠡ ᠠᠵᠢᠯᠯᠠᠭ᠎ᠠ ᠵᠢᠴᠢ ᠦᠩᠭᠡᠷᠡᠯᠲᠡ ᠪᠡᠷ ᠪᠦᠷᠢᠯᠳᠦᠵᠦ᠂ ᠳᠦᠷᠢ ᠶᠢᠨ ᠳᠤᠲᠤᠭᠠᠳᠤ ᠰᠡᠳᠬᠢᠯᠭᠡ ᠪᠤᠯᠤᠨ ᠬᠤᠪᠢᠷᠠᠯᠲᠠ ᠪᠠᠷ ᠳᠤᠲᠠᠮᠠᠭ ᠪᠠᠢᠳᠠᠭ᠃ ᠢᠩᠭᠢᠬᠦᠯᠡᠷ ᠲᠡᠦᠬᠡᠨ ᠬᠦᠦᠷᠨᠢᠯ ᠳᠦ ᠳᠦᠷᠢ ᠨᠢ ᠳᠡᠩᠳᠡ ᠬᠤᠪᠢᠷᠠᠵᠤ ᠪᠠᠢᠭ᠎ᠠ ᠣᠷᠴᠢᠨ ᠲᠤᠭᠤᠷᠢᠨ ᠳᠤ ᠢᠯᠡᠷᠡᠬᠦ ᠪᠦᠭᠡᠳ ᠦᠢᠯᠡ ᠬᠦᠳᠡᠯᠭᠡᠭᠡᠨ ᠲᠡᠢ ᠪᠠᠢᠵᠤ ᠬᠤᠪᠢᠷᠠᠵᠤ ᠪᠠᠢᠭ᠎ᠠ ᠣᠷᠴᠢᠨ ᠳᠤ ᠪᠠᠨ ᠬᠠᠷᠢᠭᠤ ᠳᠤᠰᠬᠠᠯ ᠦᠵᠡᠭᠦᠯᠬᠦ ᠬᠡᠷᠡᠭᠲᠡᠢ᠃ ᠡᠢᠮᠦ ᠡᠴᠡ ᠬᠦᠦᠷᠨᠢᠯ ᠢ ᠤᠷᠤᠭᠰᠢ ᠠᠭᠢᠭᠤᠯᠵᠤ ᠪᠠᠢᠭ᠎ᠠ ᠦᠨᠳᠦᠰᠦᠨ ᠬᠦᠳᠡᠯᠦᠭᠴᠢ ᠬᠦᠴᠦᠨ ᠪᠤᠯ ᠳᠦᠷᠢ ᠶᠢᠨ ᠵᠠᠩ ᠠᠪᠤᠷᠢ ᠶᠢᠨ ᠡᠯᠧᠮᠧᠨ᠋ᠲ ᠪᠤᠯᠤᠨ᠎ᠠ᠃ ᠡᠭᠦᠨ ᠦ ᠵᠡᠷᠭᠡᠴᠡᠭᠡ ᠣᠨᠴᠠᠭᠠᠢ ᠲᠡᠦᠬᠡᠨ ᠴᠠᠭ ᠦᠶ᠎ᠡ ᠶᠢᠨ ᠦᠵᠡᠯ ᠤᠬᠠᠮᠰᠠᠷ ᠤᠨ ᠬᠡᠯᠪᠡᠷᠢ ᠡᠴᠡ ᠪᠤᠯᠵᠤ ᠨᠡᠢᠭᠡᠮ ᠪᠤᠯᠤᠨ ᠬᠤᠪᠢ ᠪᠡᠶ᠎ᠡ ᠶᠢᠨ ᠦᠷᠲᠡᠭ ᠦᠨ ᠦᠵᠡᠯᠲᠡ ᠪᠠᠰᠠ ᠵᠠᠢᠯᠠᠰᠢ ᠦᠭᠡᠢ ᠦᠯᠢᠭᠡᠷ ᠦᠢᠯᠡ ᠶᠢ ᠤᠷᠤᠭᠰᠢ ᠠᠭᠢᠭᠤᠯᠵᠤ ᠬᠦᠭᠵᠢᠭᠦᠯᠬᠦ ᠴᠢᠬᠤᠯᠠ ᠬᠦᠳᠡᠯᠭᠡᠭᠴᠢ ᠬᠦᠴᠦᠨ ᠪᠤᠯᠵᠤ ᠪᠠᠢᠳᠠᠭ ᠭᠡᠬᠦ ᠰᠠᠨᠠᠯ ᠢ ᠳᠡᠪᠰᠢᠭᠦᠯᠵᠡᠢ᠃
Original Literature No Original Paper
出自 内蒙古民族大学学报(社会科学) 2015年 第3期

联系我们


内蒙古大学图书馆
呼和浩特市大学西路235号
中国·内蒙古
P: (0471) 4992561
E: huangfeilong@imu.edu.cn