Paper Information


Title ᠴᠢᠯᠦᠭᠡᠯᠡᠬᠦ ᠲᠠᠢ᠌ᠨ ᠤ ᠦᠶ᠎ᠡ ᠳ᠋ᠡᠬᠢ ᠦᠪᠦᠷ ᠮᠤᠩᠭ᠋ᠤᠯ ᠤᠨ ᠴᠢᠯᠦᠭᠡᠯᠡᠭᠳᠡᠭᠰᠡᠨ ᠤᠷᠤᠨ ᠤ ᠭᠠᠵᠠᠷ ᠰᠢᠷᠦᠢ ᠶᠢᠨ ᠦᠭᠡᠷᠡᠴᠢᠯᠡᠯᠳᠡ ᠶᠢᠨ ᠬᠦᠳᠡᠯᠭᠡᠭᠡᠨ
Creator ᠲᠡᠳ᠋ ᠰᠤᠳᠤᠯᠤᠭᠴᠢ ᠴᠡᠩᠭᠡᠯᠳᠦ
Keyword ᠭᠠᠵᠠᠷ ᠰᠢᠷᠦᠢ ᠶᠢᠨ ᠦᠭᠡᠷᠡᠴᠢᠯᠡᠯᠳᠡ; ᠠᠩᠭᠢ; ᠲᠦᠷᠦ ᠶᠢᠨ ᠪᠤᠳᠤᠯᠭ᠎ᠠ; ᠲᠠᠷᠢᠶᠠᠯᠠᠩ; ᠲᠡᠭᠡᠭ᠍ᠰᠢᠯᠡᠯᠳᠡ
Abstract ᠴᠢᠯᠦᠭᠡᠯᠡᠬᠦ ᠲᠠᠢ᠌ᠨ ᠤ ᠦᠶ᠎ᠡ ᠳᠤ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠯᠭ᠎ᠠ ᠲᠤᠤᠷ᠎ᠠ᠂ ᠦᠪᠦᠷ ᠮᠤᠩᠭ᠋ᠤᠯ ᠤᠨ ᠴᠢᠯᠦᠭᠡᠯᠡᠭᠳᠡᠭᠰᠡᠨ ᠤᠷᠤᠨ ᠳᠤ ᠭᠠᠵᠠᠷ ᠰᠢᠷᠤᠢ ᠶᠢᠨ ᠦᠭᠡᠷᠡᠴᠢᠯᠡᠯᠳᠡ ᠶᠢᠨ ᠬᠦᠳᠡᠯᠭᠡᠭᠡᠨ ᠢ ᠦᠷᠭᠡᠨ ᠬᠡᠪᠴᠢᠶᠡᠳᠡᠢ ᠪᠡᠷ ᠦᠷᠨᠢᠭᠦᠯᠵᠡᠢ᠃ ᠲᠡᠦᠬᠡ ᠶᠢᠨ ᠰᠢᠯᠳᠠᠭᠠᠨ ᠡᠴᠡ ᠪᠤᠯᠵᠤ᠂ ᠦᠪᠦᠷ ᠮᠤᠩᠭ᠋ᠤᠯ ᠤᠷᠤᠨ ᠤ ᠭᠠᠵᠠᠷ ᠰᠢᠷᠤᠢ ᠶᠢᠨ ᠠᠰᠠᠭᠤᠳᠠᠯ ᠨᠡᠯᠢᠶᠡᠳ ᠪᠤᠳᠤᠯᠢᠶᠠᠨ ᠲᠠᠢ ᠪᠠᠢ᠌ᠵᠤ᠂ ᠭᠠᠵᠠᠷ ᠰᠢᠷᠦᠢ ᠶᠢᠨ ᠬᠠᠷᠢᠴᠠᠭᠠᠨ ᠤ ᠲᠤᠮᠳᠠ ᠨᠠᠷᠢᠨ ᠪᠤᠳᠤᠯᠢᠶᠠᠨ ᠲᠠᠢ ᠦᠨᠳᠦᠰᠦᠳᠡᠨ ᠤ ᠬᠠᠷᠢᠴᠠᠭ᠎ᠠ ᠤᠷᠤᠰᠢᠵᠤ ᠪᠠᠢ᠌ᠵᠠᠢ᠃ ᠦᠪᠦᠷ ᠮᠤᠩᠭ᠋ᠤᠯ ᠤᠨ ᠨᠠᠮ ᠤᠨ ᠬᠤᠷᠢᠶ᠎ᠠ ᠪᠤᠯᠤᠨ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ᠂ ᠦᠪᠦᠷ ᠮᠤᠩᠭ᠋ᠤᠯ ᠤᠷᠤᠨ ᠤ ᠪᠤᠳᠠᠳᠤ ᠪᠠᠢ᠌ᠳᠠᠯ ᠢ ᠦᠨᠳᠦᠰᠦᠯᠡᠵᠦ᠂ ᠲᠤᠰ ᠭᠠᠵᠠᠷ ᠤᠷᠤᠨ ᠤ ᠦᠨᠳᠦᠰᠦᠳᠡᠨ ᠤ ᠤᠨᠴᠠᠯᠢᠭ ᠪᠤᠯᠤᠨ ᠭᠠᠵᠠᠷ ᠤᠷᠤᠨ ᠤ ᠤᠨᠴᠠᠯᠢᠭ ᠲᠤ ᠲᠤᠬᠢᠷᠠᠭᠰᠠᠨ ᠭᠠᠵᠠᠷ ᠰᠢᠷᠤᠢ ᠶᠢᠨ ᠦᠭᠡᠷᠡᠴᠢᠯᠡᠯᠳᠡ ᠶᠢᠨ ᠲᠦᠷᠦ ᠶᠢᠨ ᠪᠤᠳᠤᠯᠭ᠎ᠠ ᠶᠢ ᠲᠤᠭᠳᠠᠭᠠᠭᠰᠠᠨ ᠪᠦᠭᠡᠳ ᠨᠠᠷᠢᠨ ᠬᠢᠨᠠᠮᠠᠭᠠᠢ ᠪᠡᠷ ᠬᠡᠷᠡᠭᠵᠢᠭᠦᠯᠦᠭᠰᠡᠨ ᠪᠠᠢ᠌ᠨ᠎ᠠ᠃ ᠡᠭᠦᠨ ᠤ ᠬᠠᠮᠳᠤ ᠢᠳᠡᠪᠬᠢᠳᠡᠢ ᠠᠷᠭ᠎ᠠ ᠬᠡᠮᠵᠢᠶ᠎ᠡ ᠠᠪᠴᠤ᠂ ᠮᠠᠰᠢ ᠤᠯᠠᠨ ᠭᠠᠵᠠᠷ ᠤᠷᠤᠨ ᠳᠤ ᠭᠠᠷᠤᠭᠰᠠᠨ ᠠᠯᠳᠠᠭ᠎ᠠ ᠪᠤᠷᠤᠭᠤ ᠪᠤᠯᠤᠨ ᠬᠡᠯᠪᠡᠷᠢᠯ ᠢ ᠵᠠᠯᠠᠷᠠᠭᠤᠯᠵᠤ᠂ ᠭᠠᠵᠠᠷ ᠰᠢᠷᠤᠢ ᠶᠢᠨ ᠦᠭᠡᠷᠡᠴᠢᠯᠡᠯᠳᠡ ᠶᠢᠨ ᠲᠤᠢ᠌ᠯᠪᠤᠷᠢᠳᠠᠢ ᠢᠯᠠᠯᠳᠠ ᠶᠢ ᠪᠠᠳᠤᠯᠠᠭᠰᠠᠨ ᠪᠠᠢ᠌ᠨ᠎ᠠ᠃
Original Literature View Original Paper
出自 内蒙古社会科学(蒙文版) 2015年 第1期

联系我们


内蒙古大学图书馆
呼和浩特市大学西路235号
中国·内蒙古
P: (0471) 4992561
E: huangfeilong@imu.edu.cn