Title |
ᠮᠠᠯᠵᠢᠬᠤ ᠤᠷᠤᠨ ᠦ ᠭᠠᠵᠠᠷ ᠰᠢᠷᠤᠢ ᠶᠢᠨ ᠡᠷᠬᠢᠯᠲᠡ ᠶᠢᠨ ᠠᠰᠠᠭᠤᠳᠠᠯ ᠤᠨ ᠲᠤᠬᠠᠢ ᠲᠤᠪᠴᠢ ᠥᠭᠥᠯᠡᠬᠦ ᠨᠢ |
Creator |
ᠴᠠᠭᠠᠨᠴᠡᠴᠡᠭ |
Keyword |
ᠬᠠᠮᠲᠤ ᠶᠢᠨ ᠦᠮᠴᠢᠯᠡᠯ; ᠭᠠᠵᠠᠷ ᠰᠢᠷᠦᠢ; ᠵᠠᠬ᠎ᠠ ᠳᠡᠯᠭᠡᠭᠦᠷ ᠤᠨ ᠠᠵᠤ ᠠᠬᠤᠢ; ᠮᠠᠯᠵᠢᠯ ᠤᠨ ᠳᠠᠯᠠᠪᠠᠢ |
Abstract |
ᠭᠠᠵᠠᠷ ᠰᠢᠷᠤᠢ ᠶᠢᠨ ᠠᠰᠠᠭᠤᠳᠠᠯ ᠪᠤᠯ《ᠭᠤᠷᠪᠠᠨ ᠲᠠᠷᠢᠶᠠᠨ 》ᠠᠰᠠᠭᠤᠳᠠᠯ ᠢ ᠰᠢ᠌ᠳᠪᠦᠷᠢᠯᠡᠬᠦ ᠶᠢᠨ ᠵᠠᠩᠭᠢᠯᠠᠭ᠎ᠠ ᠪᠠ ᠰᠠᠭᠤᠷᠢ ᠮᠦᠨ᠂ ᠮᠦᠨ ᠴᠤ ᠡᠨᠡ ᠤᠳᠠᠭᠠᠨ ᠦ ᠪᠤᠳᠠᠰ ᠤᠨ ᠡᠷᠭᠡ ᠶᠢᠨ ᠬᠠᠤᠯᠢ ᠲᠤᠭᠳᠠᠭᠠᠮᠵᠢ ᠶᠢᠨ ᠨᠡᠯᠢᠶᠡᠳ ᠠᠩᠬᠠᠷᠤᠯ ᠲᠠᠯᠪᠢᠵᠦ ᠪᠠᠢ᠌ᠭ᠎ᠠ ᠠᠰᠠᠭᠤᠳᠠᠯ ᠪᠤᠯᠤᠨ᠎ᠠ᠃ ᠮᠠᠨ ᠦ ᠤᠷᠤᠨ ᠦ ᠮᠠᠯᠵᠢᠯ ᠤᠨ ᠦᠢᠯᠡᠰ ᠤᠨ ᠬᠦᠭ᠍ᠵᠢᠯᠲᠡ ᠶᠢᠨ ᠰᠢᠨ᠎ᠡ ᠱᠠᠳᠦᠨ ᠦ ᠬᠠᠮᠤᠭ ᠤᠨ ᠴᠢᠬᠤᠯᠠ ᠨᠢ ᠡᠷᠦᠬᠡ ᠳᠠᠭᠠᠭᠠᠴᠢᠯᠠᠭᠤᠯᠬᠤ ᠬᠠᠷᠢᠭᠤᠴᠠᠯᠭ᠎ᠠ ᠶᠢᠨ ᠲᠦᠷᠢᠮ ᠢ ᠲᠤᠭᠳᠠᠭᠤᠨ ᠪᠤᠯᠭᠠᠭᠰᠠᠨ ᠤᠷᠢᠳᠠᠯ ᠲᠤᠤᠷ ᠠ ᠮᠠᠯᠵᠢᠬᠤ ᠤᠷᠤᠨ ᠦ ᠭᠠᠵᠠᠷ ᠰᠢᠷᠦᠢ ᠶᠢᠨ ᠡᠷᠬᠢᠯᠲᠡ ᠶᠢᠨ ᠲᠦᠷᠢᠮ᠂ ᠮᠠᠯᠵᠢᠯ ᠤᠨ ᠳᠠᠯᠠᠪᠠᠢ ᠶᠢᠨ ᠬᠠᠮᠢᠶᠠᠷᠤᠯᠳᠠ ᠪᠠ ᠦᠭᠡᠷᠡᠴᠢᠯᠡᠯᠲᠡ ᠶᠢ ᠭᠦᠨᠵᠡᠬᠡᠢ᠌ᠷᠡᠭᠦᠯᠵᠦ᠂ ᠮᠠᠯ ᠠᠵᠤ ᠠᠬᠤᠢ ᠶᠢᠨ ᠬᠦᠭ᠍ᠵᠢᠯᠲᠡ ᠶᠢ ᠲᠦᠯᠬᠢᠨ ᠠᠬᠢᠭᠤᠯᠬᠤ ᠶᠠᠪᠤᠳᠠᠯ ᠪᠤᠯᠤᠨ᠎ᠠ᠃ ᠮᠠᠯᠵᠢᠬᠤ ᠤᠷᠤᠨ ᠦ ᠭᠠᠵᠠᠷ ᠰᠢᠷᠦᠢ ᠶᠢᠨ ᠡᠷᠬᠢᠯᠲᠡ ᠶᠢᠨ ᠪᠤᠳᠠᠳᠤ ᠪᠠᠢ᠌ᠳᠠᠯ ᠵᠢᠴᠢ ᠲᠦᠰᠦᠯ ᠳᠡᠬᠢ ᠬᠠᠮᠢᠶ ᠠ ᠪᠦᠬᠦᠢ ᠲᠤᠭᠳᠠᠭᠠᠯ ᠢ ᠦᠨᠳᠦᠰᠦᠯᠡᠵᠦ ᠭᠠᠵᠠᠷ ᠰᠢᠷᠦᠢ ᠶᠢᠨ ᠡᠷᠬᠢᠯᠲᠡ ᠶᠢ ᠠᠬᠢᠭᠤᠯᠬᠤ ᠦᠨᠳᠦᠰᠦᠨ ᠲᠦᠷᠢᠮ ᠲᠤᠭᠳᠠᠭᠠᠯ ᠢ ᠳᠤᠭᠳᠠᠭᠠᠬᠤ ᠨᠢ ᠮᠠᠰᠢ ᠴᠢᠬᠤᠯᠠ ᠃ |
Original Literature |
View Original Paper
|
出自 |
中国蒙古学
2007年
第4期
|