Title |
ᠴᠢᠩ ᠤᠯᠤᠰ ᠤᠨ ᠦᠶ᠎ᠡ ᠶᠢᠨ ᠮᠣᠩᠭᠤᠯ ᠸᠠᠩ ᠭᠦᠩ ᠨᠠᠷ ᠤᠨ ᠲᠤᠭᠲᠠᠭᠠᠭᠰᠠᠨ ᠣᠷᠤᠨ ᠨᠤᠲᠤᠭ ᠤᠨ ᠬᠠᠤᠯᠢ ᠶᠢᠨ ᠲᠤᠬᠠᠢ ᠦᠭᠦᠯᠡᠬᠦ ᠨᠢ |
Creator |
ᠬᠠᠰᠮᠦ᠋ᠷᠡᠨ; ᠪᠦᠬᠡ |
Keyword |
ᠴᠢᠩ ᠤᠯᠤᠰ ᠤᠨ ᠦᠶ᠎ᠡ; ᠮᠣᠩᠭᠤᠯ ᠸᠠᠩ ᠭᠦᠩ; ᠣᠷᠤᠨ ᠨᠤᠲᠤᠭ ᠤᠨ ᠬᠠᠤᠯᠢ |
Abstract |
ᠴᠢᠩ ᠤᠯᠤᠰ ᠤᠨ ᠦᠶ᠎ᠡ ᠳᠦ᠂ ᠮᠣᠩᠭᠤᠯ ᠣᠷᠤᠨ ᠳᠤ 《ᠵᠠᠩᠰᠢᠯ ᠳᠤᠨᠢ ᠳᠠᠭᠠᠷᠠᠭᠤᠯᠤᠨ ᠵᠠᠰᠠᠬᠤ》 ᠦᠨᠳᠦᠰᠦᠨ ᠪᠤᠳᠤᠯᠭ᠎ᠠ ᠶᠠᠪᠤᠭᠤᠯᠤᠨ᠂ ᠬᠤᠰᠢᠭᠤ ᠴᠢᠭᠤᠯᠭᠠᠨ ᠤ ᠪᠠᠢᠭᠤᠯᠤᠯ ᠢ ᠬᠡᠷᠡᠭᠵᠢᠭᠦᠯᠦᠨ ᠮᠣᠩᠭᠤᠯ ᠸᠠᠩ ᠭᠦᠩ ᠨᠠᠷ ᠲᠤ ᠣᠨᠴᠠᠭᠠᠢ ᠬᠠᠷᠠᠭᠠᠯᠵᠠᠯᠠᠯ ᠦᠵᠡᠭᠦᠯᠬᠦ᠂ ᠰᠢᠷ᠎ᠠ ᠶᠢᠨ ᠱᠠᠰᠢᠨ ᠢ ᠮᠠᠨᠳᠤᠭᠤᠯᠤᠨ ᠮᠣᠩᠭᠤᠯ ᠢ ᠠᠮᠤᠭᠤᠯᠬᠤ ᠪᠤᠳᠤᠯᠭ᠎ᠠ ᠠᠪᠬᠤ᠂ ᠮᠣᠩᠭᠤᠯᠴᠤᠳ ᠤᠨ ᠤᠯᠠᠮᠵᠢᠯᠠᠯᠲᠤ ᠬᠠᠤᠯᠢ ᠶᠢᠨ ᠵᠠᠩᠰᠢᠯ ᠢ ᠨᠢ ᠵᠠᠯᠭᠠᠮᠵᠢᠯᠠᠨ ᠮᠣᠩᠭᠤᠯ ᠣᠷᠤᠨ ᠤ ᠲᠤᠰᠬᠠᠢ ᠬᠠᠤᠯᠢ ᠶᠢ ᠲᠤᠭᠲᠠᠭᠠᠵᠤ ᠪᠠᠢᠭᠰᠠᠨ ᠵᠡᠷᠭᠡ ᠨᠢ ᠪᠤᠰᠤᠳᠴᠢ ᠳᠡᠭᠡᠷ᠎ᠡ ᠪᠡᠨ ᠮᠣᠩᠭᠤᠯ ᠸᠠᠩ ᠭᠦᠩ ᠨᠠᠷ ᠤᠨ ᠬᠠᠷᠢᠶᠠᠲᠤ ᠬᠤᠰᠢᠭᠤ ᠴᠢᠭᠤᠯᠭᠠᠨ ᠳᠠᠭᠠᠨ ᠣᠷᠤᠨ ᠨᠤᠲᠤᠭ ᠤᠨ ᠬᠠᠤᠯᠢ ᠲᠤᠭᠲᠠᠭᠠᠵᠤ᠂ ᠵᠤᠬᠢᠬᠤ ᠬᠡᠮᠵᠢᠶᠡᠨ ᠦ ᠡᠵᠡᠨ ᠮᠡᠳᠡᠬᠦ ᠡᠷᠬᠡ ᠪᠡᠨ ᠬᠡᠷᠡᠭᠵᠢᠭᠦᠯᠬᠦ ᠳᠦ ᠠᠰᠢᠭᠲᠠᠢ ᠨᠦᠬᠦᠴᠡᠯ ᠢ ᠣᠯᠭᠤᠵᠤ ᠦᠭᠭᠦᠭᠰᠡᠨ ᠪᠠᠢᠨ᠎ᠠ᠃ ᠦᠭᠦᠯᠡᠯ ᠳᠦ᠂ ᠮᠣᠩᠭᠤᠯ ᠸᠠᠩ ᠭᠦᠩ ᠨᠠᠷ ᠤᠨ ᠬᠠᠷᠢᠶᠠᠲᠤ ᠬᠤᠰᠢᠭᠤ ᠴᠢᠭᠤᠯᠭᠠᠨ ᠳᠠᠭᠠᠨ ᠣᠷᠤᠨ ᠨᠤᠲᠤᠭ ᠤᠨ ᠬᠠᠤᠯᠢ ᠲᠤᠭᠲᠠᠭᠠᠨ ᠡᠯ᠎ᠡ ᠵᠤᠢᠯ ᠤᠨ ᠨᠡᠢᠭᠡᠮ ᠦᠨ ᠬᠠᠷᠢᠴᠠᠭ᠎ᠠ ᠪᠠᠨ ᠲᠤᠬᠢᠷᠠᠭᠤᠯᠤᠨ᠂ ᠣᠷᠤᠨ ᠨᠤᠲᠤᠭ ᠢ ᠬᠠᠤᠯᠢ ᠪᠠᠷ ᠵᠠᠰᠠᠵᠤ ᠪᠠᠢᠭᠰᠠᠨ ᠦᠵᠡᠯ ᠰᠠᠨᠠᠭᠠᠨ ᠤ ᠲᠤᠬᠠᠢ ᠦᠭᠦᠯᠡᠬᠦ ᠶᠢ ᠵᠤᠷᠢᠵᠠᠢ᠃ |
Original Literature |
View Original Paper
|
出自 |
中国蒙古学
2015年
第1期
|