Title |
ᠠᠮᠢ ᠠᠬᠤᠢ ᠶᠢᠨ ᠤᠷᠠᠨ ᠵᠤᠬᠢᠶᠠᠯ ᠢ ᠡᠷᠴᠢᠮᠲᠡᠢ ᠰᠤᠳᠤᠯᠤᠭᠰᠠᠨ ᠰᠢᠰᠲ᠋ᠧᠮᠲᠤ ᠪᠠᠷᠢᠯᠭ᠎ᠠ — ᠪᠡ · ᠰᠦᠬᠡ ᠶᠢᠨ 《ᠮᠣᠩᠭᠤᠯ ᠦᠨᠳᠦᠰᠦᠲᠡᠨ ᠦ ᠠᠮᠢ ᠠᠬᠤᠢ ᠶᠢᠨ ᠤᠷᠠᠨ ᠵᠤᠬᠢᠶᠠᠯ ᠤᠨ ᠰᠤᠳᠤᠯᠤᠯ》 ᠤᠨ ᠲᠤᠬᠠᠢ |
Creator |
ᠰᠦᠶᠦᠭᠡ |
Keyword |
ᠮᠣᠩᠭᠤᠯ ᠠᠮᠢ ᠠᠬᠤᠢ ᠶᠢᠨ ᠤᠷᠠᠨ ᠵᠤᠬᠢᠶᠠᠯ; ᠶᠡᠷᠦᠩᠬᠡᠢᠯᠡᠭᠰᠡᠨ ᠰᠤᠳᠤᠯᠭ᠎ᠠ; ᠰᠢᠰᠲ᠋ᠧᠮᠲᠦ ᠪᠠᠷᠢᠯᠭ᠎ᠠ |
Abstract |
ᠪᠡ · ᠰᠦᠬᠡ ᠨᠠᠷ ᠤᠨ ᠤᠯᠤᠰ ᠤᠨ ᠰᠤᠳᠤᠯᠭᠠᠨ ᠤ ᠰᠡᠳᠦᠪ ᠦᠨ ᠦᠷ᠎ᠡ ᠵᠢᠮᠢᠰ ᠪᠤᠯᠬᠤ 《ᠮᠣᠩᠭᠤᠯ ᠦᠨᠳᠦᠰᠦᠲᠡᠨ ᠦ ᠠᠮᠢ ᠠᠬᠤᠢ ᠶᠢᠨ ᠤᠷᠠᠨ ᠵᠤᠬᠢᠶᠠᠯ ᠤᠨ ᠰᠤᠳᠤᠯᠤᠯ》 ᠭᠡᠬᠦ ᠡᠷᠳᠡᠮ ᠰᠢᠨᠵᠢᠯᠡᠭᠡᠨ ᠦ ᠨᠤᠮ ᠬᠡᠪᠯᠡᠭᠳᠡᠭᠡᠳ ᠤᠩᠰᠢᠭᠴᠢᠳ ᠲᠠᠢ ᠵᠤᠯᠭᠠᠯ᠎ᠠ᠃ ᠡᠨᠡ ᠪᠤᠯ ᠮᠣᠩᠭᠤᠯ ᠤᠷᠠᠨ ᠵᠤᠬᠢᠶᠠᠯ ᠤᠨ ᠰᠤᠳᠤᠯᠤᠯ ᠳᠤ ᠠᠪᠴᠤ ᠬᠡᠯᠡᠪᠡᠯ ᠪᠠᠶᠠᠷᠯᠠᠭᠤᠰᠢᠲᠠᠢ ᠲᠤᠮᠤ ᠶᠠᠪᠤᠳᠠᠯ ᠪᠤᠯᠤᠨ᠎ᠠ᠃ ᠮᠣᠩᠭᠤᠯᠴᠤᠳ ᠲᠠᠢ ᠠᠮᠢ ᠠᠬᠤᠢ ᠶᠢᠨ ᠲᠤᠬᠠᠢ ᠰᠢᠰᠲ᠋ᠧᠮ ᠲᠡᠢ ᠦᠵᠡᠯ ᠤᠬᠠᠮᠰᠠᠷ᠂ ᠤᠷᠠᠨ ᠵᠤᠬᠢᠶᠠᠯ᠂ ᠪᠤᠳᠠᠲᠤ ᠦᠢᠯᠡᠳᠦᠯᠭᠡ ᠪᠦᠷᠢᠨ ᠪᠠᠢᠭᠰᠠᠨ ᠭᠡᠳᠡᠭ ᠢ ᠪᠡ · ᠰᠦᠬᠡ ᠨᠠᠷ ᠤᠨ ᠬᠡᠪᠯᠡᠭᠦᠯᠦᠭᠰᠡᠨ 《ᠮᠣᠩᠭᠤᠯ ᠦᠨᠳᠦᠰᠦᠲᠡᠨ ᠦ ᠠᠮᠢ ᠠᠬᠤᠢ ᠶᠢᠨ ᠤᠷᠠᠨ ᠵᠤᠬᠢᠶᠠᠯ ᠤᠨ ᠰᠤᠳᠤᠯᠤᠯ》 ᠭᠡᠬᠦ ᠨᠤᠮ᠂ ᠪᠢᠳᠡ ᠪᠦᠬᠦᠨ ᠳᠦ ᠲᠤᠳᠤᠷᠬᠠᠢ ᠬᠡᠯᠡᠵᠦ ᠦᠭᠴᠡᠢ᠃ ᠮᠣᠩᠭᠤᠯ ᠰᠤᠶᠤᠯ ᠤᠨ ᠲᠡᠦᠬᠡᠨ ᠳᠡᠭᠡᠷᠡᠬᠢ ᠠᠮᠢ ᠠᠬᠤᠢ ᠶᠢᠨ ᠤᠷᠠᠨ ᠵᠤᠬᠢᠶᠠᠯ ᠳᠤ ᠮᠦᠷᠳᠡᠯᠭᠡ ᠬᠢᠭᠰᠡᠨ ᠨᠢ ᠵᠦᠪᠬᠡᠨ ᠤᠳᠬ᠎ᠠ ᠵᠤᠬᠢᠶᠠᠯ ᠤᠨ ᠰᠤᠳᠤᠯᠤᠯ ᠳᠤ ᠰᠡᠩᠬᠡᠷᠡᠮᠵᠢ ᠶᠢ ᠠᠪᠴᠢᠷᠠᠵᠤ ᠦᠭᠭᠦᠭᠰᠡᠨ ᠲᠡᠳᠦᠢ ᠪᠤᠰᠤ᠂ ᠬᠠᠷᠢᠨ ᠬᠦᠮᠦᠨ ᠰᠤᠶᠤᠯ ᠤᠨ ᠰᠤᠳᠤᠯᠤᠯ ᠳᠤ ᠣᠷᠤᠰᠢᠵᠤ ᠪᠠᠢᠭᠰᠠᠨ ᠡᠳᠦᠢ ᠲᠡᠳᠦᠢ ᠬᠠᠭᠤᠴᠢᠨ ᠦᠵᠡᠯᠲᠡ᠂ ᠨᠠᠵᠠᠭᠠᠢ ᠲᠠᠨᠢᠯᠲᠠ᠂ ᠪᠤᠷᠤᠭᠤ ᠳ᠋ᠦᠩᠨᠡᠯᠲᠡ ᠶᠢ ᠵᠠᠯᠠᠷᠠᠭᠤᠯᠬᠤ ᠳᠤ ᠬᠢᠨᠠᠯᠲᠠ ᠶᠢᠨ ᠦᠷᠲᠡᠭ ᠲᠡᠢ ᠪᠠᠢᠨ᠎ᠠ᠃ |
Original Literature |
No Original Paper
|
出自 |
内蒙古民族大学学报(社会科学)
2015年
第4期
|