Abstract |
ᠮᠣᠩᠭᠤᠯ ᠵᠤᠢᠷ ᠰᠡᠴᠡᠨ ᠦᠭᠡᠨ ᠳᠦ ᠱᠠᠰᠢᠨ ᠤ ᠡᠰᠡᠷᠭᠦ ᠬᠠᠨᠳᠤᠭᠰᠠᠨ ᠠᠭᠤᠯᠭ᠎ᠠ ᠴᠢᠭᠯᠡᠯ ᠪᠤᠢ ᠪᠤᠯᠤᠭᠰᠠᠨ ᠨᠢ ᠨᠢᠭᠡ ᠲᠠᠯ᠎ᠠ ᠪᠠᠷ ᠱᠠᠰᠢᠨ ᠳᠡᠯᠭᠡᠷᠡᠵᠦ ᠪᠠᠢᠭᠰᠠᠨ ᠦᠶ᠎ᠡ ᠳᠦ ᠠᠷᠠᠳ ᠤᠨ ᠳᠤᠮᠳᠠ ᠱᠠᠰᠢᠨ ᠤ ᠦᠵᠡᠯ ᠰᠤᠷᠲᠠᠯ ᠢ ᠡᠰᠡᠷᠭᠦᠴᠡᠭᠴᠢᠳ ᠪᠠᠢᠭᠰᠠᠨ ᠤ ᠭᠡᠷᠡᠴᠢ ᠪᠤᠯᠤᠨ᠎ᠠ᠃ ᠨᠦᠬᠦᠭᠡ ᠲᠠᠯ᠎ᠠ ᠪᠠᠷ ᠡᠨᠡ ᠨᠢ ᠮᠣᠩᠭᠤᠯᠴᠤᠳ ᠱᠠᠰᠢᠨ ᠤ ᠦᠵᠡᠯ ᠳᠤᠳᠠᠭᠳᠠᠯ ᠢ ᠣᠢᠯᠠᠭᠠᠵᠤ ᠮᠡᠳᠡᠭᠰᠡᠨ ᠦ ᠰᠡᠭᠦᠯᠡᠷᠬᠢ ᠣᠷᠴᠢᠨ ᠦᠶ᠎ᠡ ᠶᠢᠨ ᠪᠦᠲᠦᠭᠡᠯ ᠪᠤᠯᠤᠯᠲᠠᠢ᠃ ᠠᠮᠠᠨ ᠵᠤᠬᠢᠶᠠᠯ ᠪᠠ ᠱᠠᠰᠢᠨ ᠤ ᠬᠤᠭᠤᠷᠤᠨᠳᠤᠬᠢ ᠬᠠᠷᠢᠴᠠᠭᠠᠨ ᠤ ᠠᠰᠠᠭᠤᠳᠠᠯ ᠪᠤᠯ ᠨᠠᠷᠢᠨ ᠪᠤᠳᠤᠯᠢᠶᠠᠨ ᠲᠠᠢ ᠰᠡᠳᠦᠪ ᠲᠤᠯᠠ ᠲᠡᠦᠬᠡᠨ ᠠᠢ ᠳᠤ ᠠᠪᠴᠤ ᠦᠵᠡᠬᠦ ᠪᠡ ᠲᠤᠬᠠᠢ ᠶᠢᠨ ᠦᠨᠳᠦᠰᠦᠲᠡᠨ ᠦ ᠪᠤᠳᠠᠲᠤ ᠪᠠᠢᠳᠠᠯ ᠲᠠᠢ ᠬᠤᠯᠪᠤᠭᠳᠠᠭᠤᠯᠤᠨ ᠰᠢᠨᠵᠢᠯᠡᠬᠦ ᠱᠠᠭᠠᠷᠳᠠᠯᠭ᠎ᠠ ᠲᠠᠢ᠃ |