Title |
ᠦᠪᠦᠷ ᠮᠤᠩᠭ᠋ᠤᠯ ᠤᠨ ᠠᠮᠢ ᠠᠬᠤᠢ ᠶᠢᠨ ᠪᠤᠯᠪᠠᠰᠤᠨ ᠤ ᠪᠦᠳᠦᠭᠡᠨ ᠪᠠᠢ᠌ᠢᠭᠤᠯᠤᠯᠳᠠ ᠶᠢᠨ ᠲᠤᠬᠠᠢ ᠦᠭᠦᠯᠡᠬᠦ ᠨᠢ |
Creator |
ᠫᠷᠤᠹᠸᠰᠰᠤᠷ ᠲᠦᠩ ᠹᠠᠨ |
Keyword |
ᠠᠮᠢ ᠠᠬᠤᠢ ᠶᠢᠨ ᠪᠤᠯᠪᠠᠰᠤᠨ ᠤ ᠪᠦᠳᠦᠭᠡᠨ ᠪᠠᠢ᠌ᠢᠭᠤᠯᠤᠯᠳᠠ; ᠬᠠᠮᠢᠶᠠᠷᠤᠯᠳᠠ ᠶᠢᠨ ᠰᠢᠰᠲ᠋ᠸᠮ; ᠠᠵᠢᠯᠯᠠᠭᠠᠨ ᠤ ᠰᠢᠰᠲ᠋ᠸᠮ; ᠬᠠᠮᠠᠭᠠᠯᠠᠯᠳᠠ ᠶᠢᠨ ᠰᠢᠰᠲ᠋ᠸᠮ |
Abstract |
ᠤᠢ᠌ᠷ᠎ᠠ ᠶᠢᠨ ᠵᠢᠯ ᠳᠤ᠂ ᠦᠪᠦᠷ ᠮᠤᠨᠭ᠋ᠤᠯ ᠤᠨ ᠨᠠᠮ ᠵᠠᠰᠠᠭ ᠡᠴᠡ ᠠᠮᠢ ᠠᠬᠤᠢ ᠶᠢᠨ ᠪᠤᠯᠪᠠᠰᠤᠨ ᠤ ᠪᠦᠳᠦᠭᠡᠨ ᠪᠠᠢ᠌ᠭᠤᠯᠤᠯᠳᠠ ᠪᠠ ᠠᠮᠢ ᠠᠬᠤᠢ ᠶᠢᠨ ᠬᠠᠮᠠᠭᠠᠯᠠᠯᠳᠠ ᠶᠢ ᠴᠢᠬᠤᠯᠠᠴᠢᠯᠠᠵᠤ᠂ ᠵᠤᠬᠢᠬᠤ ᠠᠷᠭ᠎ᠠ ᠪᠤᠳᠤᠯᠭ᠎ᠠ ᠠᠪᠤᠭᠰᠠᠨ ᠡᠴᠡ ᠠᠮᠢ ᠠᠬᠤᠢ ᠶᠢᠨ ᠤᠷᠴᠢᠨ ᠲᠤᠭᠤᠷᠢᠨ ᠳᠤ ᠲᠤ᠌ᠩ ᠶᠡᠬᠡ ᠰᠡᠷᠭᠦᠯᠳᠡ ᠰᠠᠢ᠌ᠵᠢᠷᠠᠯᠳᠠ ᠶᠢᠨ ᠪᠠᠢ᠌ᠳᠠᠯ ᠭᠠᠷᠤᠭᠰᠠᠨ ᠪᠠᠢ᠌ᠨ᠎ᠠ᠃ ᠭᠡᠪᠡᠴᠦ ᠮᠦᠨ ᠬᠦ ᠦᠷᠭᠦᠯᠵᠢ ᠶᠢᠨ ᠴᠢᠨᠠᠷ ᠲᠠᠢ ᠬᠠᠮᠠᠭᠠᠯᠠᠯᠳᠠ ᠶᠢᠨ ᠠᠵᠢᠯᠯᠠᠭ᠎ᠠ ᠱᠠᠭᠠᠷᠳᠠᠭᠳᠠᠵᠤ ᠪᠠᠢ᠌ᠬᠤ ᠮᠦᠷᠳᠡᠭᠡᠨ ᠪᠠᠰᠠ ᠠᠮᠢ ᠠᠬᠤᠢ ᠶᠢᠨ ᠪᠤᠯᠪᠠᠰᠤᠨ ᠤ ᠪᠦᠳᠦᠭᠡᠨ ᠪᠠᠢ᠌ᠭᠤᠯᠤᠯᠳᠠ ᠶᠢᠨ ᠬᠠᠮᠢᠶᠠᠷᠤᠯᠳᠠ ᠶᠢᠨ ᠰᠢᠰᠲ᠋ᠸᠮ᠂ ᠠᠵᠢᠯᠯᠠᠭᠠᠨ ᠤ ᠰᠢᠰᠲ᠋ᠮ᠂ ᠬᠠᠮᠠᠭᠠᠯᠠᠯᠳᠠ ᠶᠢᠨ ᠰᠢᠰᠲ᠋ᠸᠮ ᠵᠡᠷᠭᠡ ᠲᠠᠯ᠎ᠠ ᠳᠤ ᠰᠢᠢᠳᠪᠦᠷᠢᠯᠡᠬᠦ ᠴᠢᠬᠤᠯᠠᠳᠠᠢ ᠠᠰᠠᠭᠤᠳᠠᠯ ᠤᠷᠤᠰᠢᠭᠰᠠᠭᠠᠷ᠃ ᠨᠠᠮ ᠵᠠᠰᠠᠭ ᠡᠴᠡ ᠲᠤᠭᠳᠠᠭᠠᠭᠰᠠᠨ ᠠᠮᠢ ᠠᠬᠤᠢ ᠶᠢᠨ ᠪᠤᠯᠪᠠᠰᠤᠨ ᠤ ᠲᠦᠷᠢᠮ ᠤᠨ ᠪᠠᠢ᠌ᠭᠤᠯᠤᠯᠳᠠ ᠶᠢᠨ ᠰᠢᠨ᠎ᠡ ᠰᠡᠳᠭᠢᠬᠦᠢ᠂ ᠰᠢᠨ᠎ᠡ ᠮᠠᠭᠠᠳᠯᠠᠯ ᠨᠢ ᠤᠳᠤᠬᠠᠨ ᠳᠤ ᠤᠷᠤᠰᠢᠵᠤ ᠪᠠᠢ᠌ᠭ᠎ᠠ ᠠᠮᠢ ᠠᠬᠤᠢ ᠶᠢᠨ ᠤᠷᠴᠢᠨ ᠲᠤᠭᠤᠷᠢᠨ ᠤ ᠠᠰᠠᠭᠤᠳᠠᠯ ᠢ ᠰᠢᠢᠳᠪᠦᠷᠢᠯᠡᠬᠦ ᠳᠤ ᠴᠢᠭ᠍ᠯᠡᠯ ᠪᠠ ᠠᠷᠭ᠎ᠠ ᠵᠠᠮ ᠢ ᠵᠢᠭᠠᠨ ᠦᠭᠴᠦ᠂ ᠦᠪᠦᠷ ᠮᠤᠩᠭ᠋ᠤᠯ ᠤᠨ ᠠᠮᠢ ᠠᠬᠤᠢ ᠶᠢᠨ ᠪᠤᠯᠠᠪᠠᠰᠤᠨ ᠤ ᠪᠦᠳᠦᠭᠡᠨ ᠪᠠᠢ᠌ᠭᠤᠯᠤᠯᠳᠠ ᠶᠢᠨ ᠠᠬᠢᠴᠠ ᠶᠢ ᠤᠯᠠᠮ ᠢᠯᠡᠭᠦᠦ ᠲᠦᠷᠭᠡᠳᠭᠡᠬᠦ ᠨᠢ ᠲᠠᠮᠵᠢᠭ ᠦᠭᠡᠢ᠃ |
Original Literature |
View Original Paper
|
出自 |
内蒙古社会科学(蒙文版)
2016年
第1期
|