Title |
ᠬᠦᠬᠡᠬᠤᠲᠠ ᠶᠢᠨ ᠣᠷᠤᠨ ᠵᠠᠢ ᠶᠢᠨ ᠶᠡᠬᠡ ᠲᠦᠯᠦᠪᠲᠦ ᠲᠤᠭ᠎ᠠ ᠪᠠᠷᠢᠮᠲᠠ ᠶᠢ ᠪᠤᠯᠪᠠᠰᠤᠷᠠᠭᠤᠯᠬᠤ ᠨᠢ |
Creator |
ᠤᠯᠠᠭᠠᠨ; ᠪᠤᠤ ᠢᠦᠢ ᠬᠠᠢ |
Keyword |
3S ᠮᠡᠷᠭᠡᠵᠢᠯ; ᠣᠷᠤᠨ ᠵᠠᠢ ᠶᠢᠨ ᠲᠤᠭ᠎ᠠ ᠪᠠᠷᠢᠮᠲᠠ; ᠲᠤᠭ᠎ᠠ ᠪᠠᠷᠢᠮᠲᠠ ᠶᠢ ᠪᠤᠯᠪᠠᠰᠤᠷᠠᠭᠤᠯᠬᠤ; ᠲᠤᠭ᠎ᠠ ᠪᠠᠷᠢᠮᠲᠠ ᠶᠢᠨ ᠬᠦᠮᠦᠷᠭᠡ |
Abstract |
2007 ᠣᠨ ᠠᠴᠠ ᠡᠬᠢᠯᠡᠨ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠬᠦᠬᠡᠬᠤᠲᠠ᠂ ᠪᠤᠭᠤᠲᠤ᠂ ᠲᠦᠩᠯᠶᠤᠤ᠂ ᠰᠢᠯᠢ ᠶᠢᠨ ᠬᠤᠲᠠ ᠵᠡᠷᠭᠡ ᠬᠤᠲᠠ ᠶᠢᠨ ᠳ᠋ᠢᠬᠢᠲ᠋ ᠬᠤᠲᠠ ᠲᠤᠭᠤᠷᠢᠭ ᠤᠨ ᠭᠠᠵᠠᠷ ᠵᠦᠢ ᠶᠢᠨ ᠣᠷᠤᠨ ᠵᠠᠢ ᠶᠢᠨ ᠶᠡᠬᠡ ᠲᠦᠯᠦᠪ ᠦᠨ ᠪᠦᠲᠦᠬᠡᠨ ᠪᠠᠢᠭᠤᠯᠤᠯᠲᠠ ᠶᠢ ᠭᠠᠷᠳᠠᠨ ᠶᠠᠪᠤᠭᠳᠠᠭᠤᠯᠵᠤ ᠪᠠᠢᠨ᠎ᠠ᠃ ᠳ᠋ᠢᠬᠢᠲ᠋ ᠬᠤᠲᠠ ᠲᠤᠭᠤᠷᠢᠭ ᠭᠡᠳᠡᠭ ᠪᠤᠯ ᠪᠤᠳᠠᠰᠴᠢ ᠬᠤᠲᠠ ᠶᠢ ᠳ᠋ᠢᠬᠢᠲ ᠲᠤᠤᠷ ᠰᠦᠯᠵᠢᠶᠡᠨ ᠦ ᠣᠷᠤᠨ ᠵᠠᠢ ᠳᠤ ᠳᠠᠬᠢᠨ ᠢᠯᠡᠷᠡᠭᠦᠯᠬᠦ ᠪᠡ ᠳᠤᠰᠬᠠᠬᠤ ᠶᠢ ᠵᠢᠭᠠᠨ᠎ᠠ᠃ ᠲᠡᠷᠡ ᠨᠢ ᠰᠤᠷᠠᠭ ᠴᠢᠮᠡᠭᠡ ᠪᠡᠷ ᠭᠤᠤᠯ ᠪᠤᠯᠭᠠᠵᠤ᠂ ᠲᠤᠤᠷ ᠰᠦᠯᠵᠢᠶ᠎ᠡ ᠪᠡᠷ ᠲᠤᠯᠭᠠᠭᠤᠷᠢ ᠪᠤᠯᠭᠠᠭᠰᠠᠨ ᠬᠤᠲᠠ ᠶᠢᠨ ᠰᠤᠷᠠᠭ ᠴᠢᠮᠡᠭᠡᠨ ᠦ ᠬᠠᠮᠢᠶᠠᠷᠤᠯᠲᠠ ᠪᠠ ᠦᠢᠯᠡᠴᠢᠯᠡᠭᠡᠨ ᠦ ᠰᠢᠰᠲ᠋ᠧᠮ ᠪᠤᠯᠤᠨ᠎ᠠ᠃ ᠲᠡᠭᠦᠨ ᠦ ᠮᠦᠨ ᠴᠢᠨᠠᠷ ᠨᠢ ᠲᠤᠭᠠᠴᠢᠯᠠᠬᠤ ᠪᠠ ᠵᠠᠩᠭᠢᠴᠢᠯᠠᠬᠤ ᠮᠡᠷᠭᠡᠵᠢᠯ ᠢ ᠠᠰᠢᠭᠯᠠᠨ᠂ ᠬᠠᠮᠤᠭ ᠤᠨ ᠳᠡᠭᠡᠳᠦ ᠬᠡᠮᠵᠢᠶ᠎ᠡ ᠪᠡᠷ ᠬᠤᠲᠠ ᠶᠢᠨ ᠰᠤᠷᠠᠭ ᠴᠢᠮᠡᠭᠡᠨ ᠦ ᠡᠬᠢ ᠰᠤᠷᠪᠤᠯᠵᠢ ᠶᠢ ᠤᠷᠭᠠᠨᠢᠭ ᠢᠶᠠᠷ ᠨᠡᠢᠯᠡᠭᠦᠯᠦᠨ ᠤᠶᠠᠯᠳᠤᠭᠤᠯᠵᠤ᠂ ᠬᠤᠲᠠ ᠶᠢᠨ ᠠᠰᠠᠭᠤᠳᠠᠯ ᠢ ᠰᠢᠢᠳᠪᠦᠷᠢᠯᠡᠬᠦ ᠶᠠᠪᠤᠳᠠᠯ ᠮᠦᠨ᠃ ᠡᠭᠦᠨ ᠳᠦ ᠭᠠᠵᠠᠷ ᠵᠦᠢ ᠶᠢᠨ ᠣᠷᠤᠨ ᠵᠠᠢ ᠶᠢᠨ ᠶᠡᠬᠡ ᠲᠦᠯᠦᠪ ᠦᠨ ᠪᠦᠲᠦᠬᠡᠨ ᠪᠠᠢᠭᠤᠯᠤᠯᠲᠠ ᠪᠤᠯ ᠳ᠋ᠢᠬᠢᠲ ᠬᠤᠲᠠ ᠲᠤᠭᠤᠷᠢᠭ ᠤᠨ ᠪᠦᠲᠦᠬᠡᠨ ᠪᠠᠢᠭᠤᠯᠤᠯᠲᠠ ᠶᠢᠨ ᠲᠤᠭ᠎ᠠ ᠪᠠᠷᠢᠮᠲᠠ ᠶᠢᠨ ᠰᠠᠭᠤᠷᠢ ᠮᠦᠨ᠃ ᠲᠡᠭᠦᠨ ᠦ ᠮᠦᠨ ᠴᠢᠨᠠᠷ ᠨᠢ ᠣᠷᠤᠨ ᠵᠠᠢ ᠶᠢᠨ ᠶᠡᠬᠡ ᠲᠦᠯᠦᠪᠲᠦ ᠲᠤᠭ᠎ᠠ ᠪᠠᠷᠢᠮᠲᠠ ᠶᠢ ᠪᠤᠯᠪᠠᠰᠤᠷᠠᠭᠤᠯᠬᠤ ᠶᠠᠪᠤᠳᠠᠯ ᠪᠤᠯᠤᠨ᠎ᠠ᠃ ᠦᠭᠦᠯᠡᠯ ᠳᠦ᠂ 3S ᠮᠡᠷᠭᠡᠵᠢᠯ ᠪᠡ ᠺᠤᠮᠫᠢᠦ᠋ᠲ᠋ᠧᠷ ᠲᠤᠤᠷ ᠰᠦᠯᠵᠢᠶᠡᠨ ᠦ ᠮᠡᠷᠭᠡᠵᠢᠯ ᠵᠡᠷᠭᠡ ᠣᠳᠣᠬᠢᠴᠢᠯᠠᠭᠰᠠᠨ ᠰᠤᠷᠠᠭ ᠴᠢᠮᠡᠭᠡᠨ ᠦ ᠮᠡᠷᠭᠡᠵᠢᠯ ᠳᠦ ᠰᠠᠭᠤᠷᠢᠯᠠᠵᠤ᠂ ArcGIS ᠪᠠ Erdas ᠵᠡᠷᠭᠡ ᠰᠤᠹᠲ᠋ ᠢ ᠬᠡᠷᠡᠭᠯᠡᠨ᠂ ᠣᠳᠤᠬᠠᠨ ᠳᠤ ᠪᠠᠢᠬᠤ 1᠄10000᠋ ᠶᠢᠨ ᠰᠠᠭᠤᠷᠢ ᠬᠡᠮᠵᠢᠶᠡᠨ ᠵᠢᠷᠤᠭᠯᠠᠬᠤ ᠲᠤᠭ᠎ᠠ ᠪᠠᠷᠢᠮᠲᠠ ᠶᠢ ᠳᠠᠬᠢᠨ ᠪᠤᠯᠪᠠᠰᠤᠷᠠᠭᠤᠯᠤᠨ ᠳᠦᠷᠢᠮᠵᠢᠭᠦᠯᠵᠦ᠂ ᠨᠢᠭᠡᠲᠦᠯᠲᠡᠢ ᠬᠦᠬᠡᠬᠤᠲᠠ ᠶᠢᠨ ᠣᠷᠤᠨ ᠵᠠᠢ ᠶᠢᠨ ᠲᠤᠭ᠎ᠠ ᠪᠠᠷᠢᠮᠲᠠ ᠶᠢ ᠪᠤᠯᠪᠠᠰᠤᠷᠠᠭᠤᠯᠵᠤ᠂ ᠦᠢᠯᠡᠳᠦᠯᠭᠡ ᠲᠤᠷᠰᠢᠯᠭ᠎ᠠ ᠶᠢᠨ ᠰᠠᠭᠤᠷᠢᠨ ᠳᠡᠭᠡᠷ᠎ᠡ ᠬᠤᠲᠠ ᠶᠢᠨ ᠣᠷᠤᠨ ᠵᠠᠢ ᠶᠢᠨ ᠶᠡᠬᠡ ᠲᠦᠯᠦᠪᠲᠦ ᠲᠤᠭ᠎ᠠ ᠪᠠᠷᠢᠮᠲᠠ ᠶᠢ ᠪᠤᠯᠪᠠᠰᠤᠷᠠᠭᠤᠯᠬᠤ ᠠᠭᠤᠯᠭ᠎ᠠ᠂ ᠠᠷᠭ᠎ᠠ ᠪᠠᠷᠢᠯ ᠵᠢᠴᠢ ᠱᠠᠭᠠᠷᠳᠠᠯᠭ᠎ᠠ ᠶᠢᠨ ᠲᠤᠬᠠᠢ ᠲᠤᠭᠠᠴᠢᠭᠰᠠᠨ ᠪᠠᠢᠨ᠎ᠠ᠃ |
Original Literature |
No Original Paper
|
出自 |
内蒙古师范大学学报(自然科学蒙古文版)
2014年
第2期
|