Paper Information


Title ᠮᠣᠩᠭᠤᠯ ᠤᠷᠠᠨ ᠵᠤᠬᠢᠶᠠᠯ ᠤᠨ ᠲᠡᠦᠬᠡ ᠪᠢᠴᠢᠯᠭᠡ ᠶᠢᠨ 《ᠰᠢᠨ᠎ᠡ》᠋ ᠶᠢ ᠡᠭᠦᠳᠬᠦ ᠲᠤᠬᠠᠢ
Creator ᠪᠠ‍᠂ ᠰᠦᠬᠡ
Keyword ᠮᠣᠩᠭᠤᠯ ᠤᠷᠠᠨ ᠵᠤᠬᠢᠶᠠᠯ; ᠲᠡᠦᠬᠡ ᠪᠢᠴᠢᠯᠭᠡ; 《ᠰᠢᠨ᠎ᠡ》᠋ ᠶᠢ ᠡᠭᠦᠳᠬᠦ
Abstract ᠡᠷᠳᠡᠮ ᠰᠢᠨᠵᠢᠯᠡᠭᠡᠨ ᠦ ᠠᠮᠢᠨ ᠰᠦᠨᠡᠰᠦ ᠨᠢ ᠳᠠᠷᠤᠢ 《ᠰᠢᠨ᠎ᠡ》᠋ ᠶᠢ ᠡᠭᠦᠳᠬᠦ ᠳᠦ ᠪᠤᠢ᠃ ᠮᠣᠩ᠋ᠭᠤᠯ ᠤᠷᠠᠨ ᠵᠤᠬᠢᠶᠠᠯ ᠤᠨ ᠲᠡᠦᠬᠡ ᠰᠤᠳᠤᠯᠭᠠᠨ ᠵᠢᠴᠢ ᠲᠡᠦᠬᠡ ᠪᠢᠴᠢᠯᠭᠡ ᠨᠢ ᠡᠷᠳᠡᠮ ᠰᠢᠨᠵᠢᠯᠡᠭᠡᠨ ᠦ ᠬᠤᠪᠢ ᠳᠤ ᠲᠡᠭᠦᠨ ᠦ ᠡᠷᠬᠢᠮ ᠴᠢᠨᠠᠷ ᠨᠢ 《ᠰᠢᠨ᠎ᠡ》᠋ ᠶᠢ ᠡᠭᠦᠳᠬᠦ ᠳᠦ ᠪᠠᠢ᠌ᠬᠤ ᠶᠤᠰᠤᠲᠠᠢ᠃ ᠮᠣᠩ᠋ᠭᠤᠯ ᠤᠷᠠᠨ ᠵᠤᠬᠢᠶᠠᠯ ᠤᠨ ᠲᠡᠦᠬᠡ ᠪᠢᠴᠢᠯᠭᠡ ᠨᠢ ᠨᠢᠭᠡᠨᠲᠡ ᠮᠠᠲ᠋ᠧᠷᠢᠶᠠᠯ ᠤᠨ ᠡᠮᠬᠢᠳᠭᠡᠯ ᠪᠢᠰᠢ ᠪᠤᠯᠤᠭᠰᠠᠨ᠂ ᠬᠠᠷᠢᠨ ᠨᠢᠭᠡ ᠵᠤᠢ᠌ᠯ ᠤᠨ ᠴᠢᠩ᠋ᠭ᠎ᠠ ᠨᠢᠮᠪᠠᠢ ᠡᠷᠳᠡᠮ ᠰᠢᠨᠵᠢᠯᠡᠭᠡᠨ ᠦ ᠵᠤᠬᠢᠶᠠᠨ ᠪᠦᠲᠦᠭᠡᠯᠭᠡ ᠪᠤᠯᠪᠠ᠃ ᠮᠣᠩ᠋ᠭᠤᠯ ᠤᠷᠠᠨ ᠵᠤᠬᠢᠶᠠᠯ ᠤᠨ ᠲᠡᠦᠬᠡ ᠰᠤᠳᠤᠯᠭᠠᠨ ᠵᠢᠴᠢ ᠲᠡᠦᠬᠡ ᠪᠢᠴᠢᠯᠭᠡ ᠶᠢ ᠭᠦᠨᠵᠡᠭᠡᠢ᠌ᠷᠡᠭᠦᠯᠦᠨ ᠬᠦᠭ᠍ᠵᠢᠭᠦᠯᠬᠦ ᠭᠡᠪᠡᠯ ᠡᠷᠬᠡᠪᠰᠢ ᠤᠷᠠᠨ ᠵᠤᠬᠢᠶᠠᠯ ᠤᠨ ᠲᠡᠦᠬᠡ ᠵᠦᠢ᠂ ᠡᠷᠳᠡᠮ ᠰᠢᠨᠵᠢᠯᠡᠭᠡᠨ ᠦ ᠤᠨᠤᠯ ᠤᠨ ᠦᠨᠳᠦᠷᠴᠡ᠂ ᠰᠤᠳᠤᠯᠭᠠᠨ ᠤ ᠰᠢᠨ᠎ᠡ ᠠᠷᠭ᠎ᠠ ᠵᠦᠢ ᠪᠡᠷ 《ᠰᠢᠨ᠎ᠡ》᠋ ᠶᠢ ᠡᠭᠦᠳᠦᠭᠰᠡᠨ ᠦᠪᠡᠷᠮᠢᠴᠡ ᠬᠡᠪ ᠨᠠᠮᠪᠠ᠂ ᠦᠪᠡᠷᠮᠢᠴᠡ ᠬᠡᠪ ᠵᠠᠭᠪᠤᠷ ᠪᠦᠬᠦᠢ ᠮᠣᠩ᠋ᠭᠤᠯ ᠤᠷᠠᠨ ᠵᠤᠬᠢᠶᠠᠯ ᠤᠨ ᠲᠡᠦᠬᠡ ᠶᠢ ᠪᠢᠴᠢᠭᠯᠡᠬᠦ ᠶᠢ ᠰᠦᠪᠡᠭ᠍ᠴᠢᠯᠡᠵᠦ ᠰᠤᠳᠤᠯᠪᠠᠯ ᠵᠤᠬᠢᠨ᠎ᠠ᠃
Original Literature View Original Paper
出自 中国蒙古学 2005年 第3期

联系我们


内蒙古大学图书馆
呼和浩特市大学西路235号
中国·内蒙古
P: (0471) 4992561
E: huangfeilong@imu.edu.cn