Title |
ᠦᠪᠦᠷ ᠮᠣᠩᠭᠤᠯ ᠤᠨ ᠬᠡᠭᠡᠷ᠎ᠡ ᠲᠠᠯ᠎ᠠ ᠶᠢᠨ ᠭᠠᠵᠠᠷ ᠣᠷᠤᠨ ᠤ ᠠᠮᠢ ᠠᠬᠤᠢ ᠶᠢᠨ ᠨᠦᠬᠦᠪᠦᠷᠢ ᠶᠢᠨ ᠣᠨᠣᠯ ᠬᠢᠭᠡᠳ ᠲᠡᠭᠦᠨ ᠦ ᠪᠤᠳᠠᠲᠤ ᠠᠬᠤᠢ ᠶᠢᠨ ᠰᠠᠭᠤᠷᠢ ᠳᠤ ᠬᠢᠭᠰᠡᠨ ᠳᠦᠭᠦᠮ ᠰᠢᠨᠵᠢᠯᠡᠭᠡ |
Creator |
ᠪᠤᠤ ᠵᠢᠶᠦ᠋ᠨ ᠴᠧᠩ |
Keyword |
ᠦᠪᠦᠷ ᠮᠣᠩᠭᠤᠯ; ᠬᠡᠭᠡᠷ᠎ᠡ ᠲᠠᠯ᠎ᠠ; ᠠᠮᠢ ᠠᠬᠤᠢ ᠶᠢᠨ ᠨᠦᠬᠦᠪᠦᠷᠢ |
Abstract |
ᠦᠪᠦᠷ ᠮᠣᠩᠭᠤᠯ ᠤᠨ ᠬᠡᠭᠡᠷ᠎ᠡ ᠲᠠᠯ᠎ᠠ ᠨᠢ ᠳᠤᠮᠳᠠᠳᠤ ᠤᠯᠤᠰ ᠤᠨ ᠤᠮᠠᠷᠠᠲᠤ ᠬᠡᠰᠡᠭ ᠦᠨ ᠠᠮᠢ ᠠᠬᠤᠢ ᠶᠢᠨ ᠬᠠᠯᠬᠠᠪᠴᠢ ᠪᠤᠯᠬᠤ ᠪᠦᠭᠡᠳ ᠣᠷᠴᠢᠨ ᠲᠤᠭᠤᠷᠢᠨ ᠤ ᠠᠮᠢ ᠠᠬᠤᠢ ᠶᠢᠨ ᠲᠡᠩᠴᠡᠭᠦᠷᠢ ᠶᠢ ᠬᠠᠮᠠᠭᠠᠯᠠᠵᠤ ᠪᠠᠢᠨ᠎ᠠ᠃ ᠬᠡᠭᠡᠷ᠎ᠡ ᠲᠠᠯ᠎ᠠ ᠶᠢ ᠵᠦᠢ ᠵᠤᠬᠢᠰ ᠦᠭᠡᠢ ᠠᠳᠠᠷ ᠬᠠᠭᠠᠯᠪᠤᠷᠢᠯᠠᠭᠰᠠᠨ ᠪᠠ ᠳᠡᠩᠳᠡᠭᠦᠦ ᠮᠠᠯᠵᠢᠭᠰᠠᠨ ᠠᠴᠠ ᠪᠤᠯᠵᠤ᠂ ᠬᠡᠭᠡᠷ᠎ᠡ ᠲᠠᠯ᠎ᠠ ᠶᠢᠨ ᠠᠮᠢ ᠠᠬᠤᠢ ᠶᠢᠨ ᠰᠢᠰᠲ᠋ᠧᠮ ᠬᠦᠨᠳᠦ ᠨᠤᠴᠢᠲᠠᠢ ᠡᠪᠳᠡᠭᠳᠡᠪᠡ᠃ ᠬᠡᠭᠡᠷ᠎ᠡ ᠲᠠᠯ᠎ᠠ ᠶᠢᠨ ᠠᠮᠢ ᠠᠬᠤᠢ ᠶᠢᠨ ᠮᠠᠭᠤᠳᠠᠯ ᠢ ᠳ᠋ᠠᠩ ᠭᠠᠭᠴᠠ ᠳᠤᠲᠤᠭᠠᠳᠤ ᠪᠦᠲᠦᠴᠡ ᠡᠴᠡ ᠰᠢᠢᠳᠪᠦᠷᠢᠯᠡᠵᠦ ᠳᠡᠢᠯᠬᠦ ᠦᠭᠡᠢ ᠰᠢᠯᠲᠠᠭᠠᠨ ᠨᠢ ᠳᠠᠷᠤᠢ ᠬᠦᠮᠦᠨ ᠠᠮᠠ ᠶᠢᠨ ᠲᠤᠭ᠎ᠠ ᠲᠠᠯ᠎ᠠ ᠨᠤᠲᠤᠭ ᠤᠨ ᠳᠠᠭᠠᠭᠠᠴᠠ ᠠᠴᠠ ᠬᠡᠲᠦᠷᠡᠭᠰᠡᠨ ᠳᠦ ᠪᠤᠢ᠃ ᠡᠢᠮᠦ ᠡᠴᠡ ᠡᠷᠬᠡᠪᠰᠢ ᠰᠢᠰᠲ᠋ᠧᠮ ᠦᠨ ᠭᠠᠳᠠᠨ᠎ᠠ ᠠᠴᠠ ᠪᠡᠯᠡ ᠮᠦᠩᠭᠦ᠂ ᠡᠳ᠋ ᠪᠠᠷᠠᠭ᠎ᠠ᠂ ᠮᠡᠷᠭᠡᠵᠢᠯ ᠵᠡᠷᠭᠡ ᠶᠢ ᠣᠷᠤᠭᠤᠯᠵᠤ᠂ ᠠᠮᠢ ᠠᠬᠤᠢ ᠶᠢᠨ ᠰᠢᠰᠲ᠋ᠧᠮ ᠦᠨ ᠬᠡᠳᠦ ᠶᠡᠬᠡ ᠳᠠᠷᠤᠯᠲᠠ ᠶᠢ ᠬᠦᠩᠭᠡᠷᠡᠭᠦᠯᠬᠦ ᠴᠢᠬᠤᠯᠠᠲᠠᠢ᠃ ᠲᠤᠰ ᠦᠭᠦᠯᠡᠯ ᠳᠦ ᠣᠨᠣᠯ ᠪᠠ ᠪᠤᠳᠠᠲᠤ ᠠᠬᠤᠢ ᠶᠢᠨ ᠡᠭᠦᠳᠡᠨ ᠡᠴᠡ ᠦᠪᠦᠷ ᠮᠣᠩᠭᠤᠯ ᠤᠨ ᠬᠡᠭᠡᠷ᠎ᠡ ᠲᠠᠯ᠎ᠠ ᠶᠢᠨ ᠠᠮᠢ ᠠᠬᠤᠢ ᠶᠢᠨ ᠨᠦᠬᠦᠪᠦᠷᠢ ᠶᠢᠨ ᠠᠰᠠᠭᠤᠳᠠᠯ ᠳᠤ ᠰᠤᠳᠤᠯᠤᠯᠲᠠ ᠬᠢᠵᠦ᠂ ᠡᠯ᠎ᠡ ᠳᠡᠰ ᠦᠨ ᠬᠢ ᠵᠠᠰᠠᠭ ᠤᠨ ᠣᠷᠳᠤᠨ ᠤ ᠰᠢᠢᠳᠪᠦᠷᠢᠲᠦ ᠪᠤᠳᠤᠯᠭ᠎ᠠ ᠳᠤ ᠦᠢᠯᠡᠴᠢᠯᠡᠬᠦ ᠭᠡᠵᠦ ᠵᠤᠷᠢᠪᠠ᠃ |
Original Literature |
No Original Paper
|
出自 |
内蒙古师范大学学报(自然科学蒙古文版)
2010年
第2期
|