Paper Information


Title ᠪᠠᠭᠠᠷᠢᠨ ᠠᠷᠠᠳ ᠤᠨ ᠳᠠᠭᠤᠤ ᠶᠢᠨ ᠲᠤᠬᠠᠢ ᠮᠦᠴᠢᠳ ᠦᠭᠦᠯᠡᠬᠦ ᠨᠢ
Creator ᠡᠦ ᠬᠤᠩ ᠮᠧᠢ
Keyword ᠪᠠᠭᠠᠷᠢᠨ ᠠᠷᠠᠳ ᠤᠨ ᠳᠠᠭᠤᠤ; ᠣᠨᠴᠠᠯᠢᠭ; ᠬᠡᠪ ᠨᠠᠮᠪᠠ; ᠨᠡᠭᠡᠭᠡᠨ ᠬᠦᠭ᠍ᠵᠢᠭᠦᠯᠬᠦ; ᠠᠰᠢᠭᠯᠠᠨ ᠬᠡᠷᠡᠭᠯᠡᠬᠦ
Abstract ᠪᠠᠭᠠᠷᠢᠨ ᠠᠷᠠᠳ ᠤᠨ ᠳᠠᠭᠤᠤ ᠪᠤᠯ ᠮᠣᠩ᠋ᠭᠤᠯ ᠦᠨᠳᠦᠰᠦᠲᠡᠨ ᠦ ᠭᠢᠯᠠᠯᠵᠠᠮ᠎ᠠ ᠰᠠᠢ᠌ᠬᠠᠨ ᠰᠤᠶᠤᠯ ᠤᠨ ᠦᠪ ᠳᠤᠲᠤᠷᠠᠬᠢ ᠨᠢᠭᠡᠨ ᠪᠠᠭᠴᠠ ᠰᠤᠷᠭᠤᠭ ᠴᠡᠴᠡᠭ ᠪᠤᠯᠤᠨ᠎ᠠ᠃ ᠪᠠᠭᠠᠷᠢᠨ ᠠᠷᠠᠳ ᠤᠨ ᠳᠠᠭᠤᠤ ᠨᠢ ᠪᠠᠭᠠᠷᠢᠨ ᠲᠠᠯ᠎ᠠ ᠨᠤᠲᠤᠭ ᠲᠤ ᠦᠰᠦᠨ ᠪᠤᠢ᠌ᠵᠢᠵᠤ ᠦᠶ᠎ᠡ ᠤᠯᠠᠷᠢᠨ ᠠᠮᠢᠳᠤᠷᠠᠭᠰᠠᠨ ᠮᠠᠯᠴᠢᠨ ᠲᠦᠮᠡᠨ ᠦ ᠵᠤᠬᠢᠶᠠᠭᠰᠠᠨ ᠳᠠᠭᠤᠤ ᠨᠤᠭᠤᠳ ᠪᠤᠯᠬᠤ ᠪᠦᠭᠡᠳ ᠠᠢ᠌ᠵᠠᠮ ᠬᠦᠭ᠌ ᠦᠨ ᠲᠠᠯ᠎ᠠ ᠪᠠᠷ ᠮᠣᠩ᠋ᠭᠤᠯ ᠦᠨᠳᠦᠰᠦᠲᠡᠨ ᠦ ᠠᠷᠠᠳ ᠤᠨ ᠳᠠᠭᠤᠤ ᠶᠢᠨ ᠭᠡᠮᠨᠡᠯ ᠴᠤᠬᠢᠯᠭ᠎ᠠ ᠪᠠ ᠠᠢ᠌ᠵᠠᠮ ᠣᠨᠴᠠᠯᠢᠭ ᠢᠯᠡ ᠲᠤᠳᠤᠷᠠᠭᠤᠨ ᠮᠣᠩ᠋ᠭᠤᠯ ᠠᠷᠠᠳ ᠤᠨ ᠳᠠᠭᠤᠤ ᠪᠤᠯᠤᠨ᠎ᠠ᠃ ᠲᠤᠰ ᠦᠭᠦᠯᠡᠯ ᠨᠢ ᠪᠠᠭᠠᠷᠢᠨ ᠠᠷᠠᠳ ᠤᠨ ᠳᠠᠭᠤᠤ ᠶᠢᠨ ᠠᠩ᠋ᠭᠢᠯᠠᠯ ᠪᠠ ᠵᠠᠭᠠᠭ ᠲᠤᠭᠲᠠᠭᠠᠯᠲᠠ᠂ ᠠᠭᠤᠯᠭ᠎ᠠ ᠪᠠ ᠬᠡᠯᠪᠡᠷᠢ᠂ ᠣᠨᠴᠠᠯᠢᠭ ᠪᠠ ᠬᠡᠪ ᠨᠠᠮᠪᠠ᠂ ᠳᠠᠭᠤᠯᠠᠬᠤ ᠤᠷᠠᠨ ᠮᠡᠷᠭᠡᠵᠢᠯ ᠪᠡ ᠬᠡᠪ ᠨᠠᠮᠪᠠ᠂ ᠬᠦᠭ᠍ᠵᠢᠭᠦᠯᠬᠦ ᠪᠡ ᠬᠡᠷᠡᠭᠯᠡᠬᠦ ᠶᠢ ᠰᠤᠳᠤᠯᠬᠤ ᠵᠡᠷᠭᠡ ᠲᠠᠪᠤᠨ ᠲᠠᠯ᠎ᠠ ᠪᠠᠷ ᠲᠤᠳᠤᠷᠬᠠᠢ᠌ᠯᠠᠨ ᠦᠭᠦᠯᠡᠪᠡ᠃ ᠪᠠᠭᠠᠷᠢᠨ ᠠᠷᠠᠳ ᠤᠨ ᠳᠠᠭᠤᠤ ᠪᠠ ᠲᠡᠭᠦᠨ ᠦ ᠤᠷᠠᠯᠢᠭ ᠢ ᠰᠦᠪᠡᠭ᠍ᠴᠢᠯᠡᠨ ᠰᠤᠳᠤᠯᠵᠤ᠂ ᠨᠡᠭᠡᠭᠡᠨ ᠬᠦᠭ᠍ᠵᠢᠭᠦᠯᠬᠦ ᠪᠡ ᠠᠰᠢᠭᠯᠠᠨ ᠬᠡᠷᠡᠭᠯᠡᠬᠦ ᠨᠢ ᠦᠨᠳᠦᠰᠦᠲᠡᠨ ᠦ ᠰᠤᠶᠤᠯ ᠤᠨ ᠬᠦᠭ᠍ᠵᠢᠯᠲᠡ ᠶᠢ ᠠᠭᠢᠭᠤᠯᠬᠤ ᠳᠤ ᠮᠠᠰᠢ ᠴᠢᠬᠤᠯᠠ ᠠᠴᠢ ᠬᠤᠯᠪᠤᠭᠳᠠᠯ ᠲᠠᠢ ᠶᠤᠮ᠃
Original Literature View Original Paper
出自 中国蒙古学 2014年 第2期

联系我们


内蒙古大学图书馆
呼和浩特市大学西路235号
中国·内蒙古
P: (0471) 4992561
E: huangfeilong@imu.edu.cn