Paper Information


Title ᠶᠡᠬᠡ ᠵᠤᠤ ᠶᠢᠨ ᠴᠢᠭᠤᠯᠭᠠᠨ ᠤ ᠵᠢᠶᠦ᠋ᠨ ᠸᠠᠩ ᠤᠨ ᠬᠤᠰᠢᠭᠤᠨ ᠤ ᠪᠡᠯᠴᠢᠭᠡᠷ ᠤᠨ ᠭᠠᠵᠠᠷ ᠦᠯᠡᠳᠡᠭᠡᠬᠦ ᠲᠡᠮᠡᠴᠡᠯ ᠤᠨ ᠲᠣᠬᠠᠢ
Creator ᠰᠣᠳᠤᠪᠢᠯᠢᠭ᠌
Keyword
Abstract ᠴᠢᠩ ᠤᠯᠤᠰ ᠤᠨ ᠵᠠᠰᠠᠭ ᠤᠨ ᠭᠠᠵᠠᠷ ᠡᠴᠡ ᠰᠢᠨ᠎ᠠ ᠵᠠᠰᠠᠭ ᠤᠨ ᠪᠣᠳᠤᠯᠭ᠎ᠠ ᠭᠡᠭᠴᠢ ᠵᠢ ᠬᠡᠷᠡᠭᠵᠢᠬᠦᠯᠵᠦ ᠪᠠᠢᠬᠤ ᠬᠤᠭᠤᠴᠠᠭᠠᠨ ᠳ᠋ᠠᠭᠠᠨ᠂ ᠦᠪᠦᠷ ᠮᠣᠩᠭᠤᠯ ᠤᠨ ᠡᠯ ᠡ ᠬᠤᠰᠢᠭᠤᠨ ᠤ ᠪᠡᠯᠴᠢᠭᠡᠷ ᠨᠤᠲᠤᠭ ᠢ ᠶᠡᠬᠡ ᠬᠡᠮᠵᠢᠶ ᠡ ᠪᠡᠷ ᠬᠠᠭᠠᠯᠪᠤᠷᠢᠯᠠᠵᠤ᠂ ᠮᠣᠩᠭᠤᠯᠴᠤᠳ ᠤᠨ ᠠᠵᠤ ᠠᠮᠢᠳᠤᠷᠠᠯᠭ᠎ᠠ ᠳ᠋ᠤ ᠬᠦᠨᠳᠦ ᠨᠣᠴᠢᠲᠠᠢ ᠨᠦᠯᠦᠭᠡ ᠦᠵᠡᠭᠦᠯᠦᠭᠰᠡᠨ ᠶᠣᠮ᠃ ᠶᠡᠬᠡ ᠵᠣᠣ ᠶᠢᠨ ᠴᠢᠭᠤᠯᠭᠠᠨ ᠪᠣᠯ ᠴᠢᠩ ᠤᠯᠤᠰ ᠤᠨ ᠵᠠᠰᠠᠭ ᠤᠨ ᠭᠠᠵᠠᠷ ᠤᠨ ᠭᠤᠤᠯᠳᠠᠯᠭ᠎ᠠ ᠲᠠᠢ ᠪᠡᠷ ᠠᠲᠠᠷ ᠬᠠᠭᠠᠯᠪᠤᠷᠢᠯᠠᠭᠰᠠᠨ ᠣᠷᠤᠨ ᠤ ᠨᠢᠭᠡ ᠮᠦᠨ᠃ ᠴᠢᠩ ᠤᠯᠤᠰ ᠤᠨ ᠵᠠᠰᠠᠭ ᠤᠨ ᠭᠠᠵᠠᠷ ᠡᠴᠡ ᠮᠣᠩᠭᠤᠯ ᠬᠤᠰᠢᠭᠤᠨ ᠤ ᠪᠡᠯᠴᠢᠭᠡᠷ ᠨᠤᠲᠤᠭ ᠢ ᠠᠯᠪᠠᠳᠠᠨ ᠬᠠᠭᠠᠯᠪᠤᠷᠢᠯᠠᠭᠰᠠᠨ ᠶᠠᠪᠤᠳᠠᠯ ᠢ ᠮᠣᠩᠭᠤᠯ ᠬᠤᠰᠢᠭᠤᠨ ᠤ ᠡᠯ ᠡ ᠲᠠᠪᠬᠤᠷᠭ᠎ᠠ ᠶᠢᠨ ᠠᠩᠬᠢ ᠶᠢᠨ ᠬᠢᠨ ᠨᠡᠢᠳᠡᠮ ᠢᠢᠡᠷ ᠬᠤᠷᠢᠭᠯᠠᠨ ᠡᠰᠡᠷᠭᠦᠴᠡᠪᠡ᠃ ᠶᠡᠬᠡ ᠵᠣᠣ ᠶᠢᠨ ᠴᠢᠭᠤᠯᠭᠠᠨ ᠪᠣᠯ ᠴᠢᠩ ᠤᠯᠤᠰ ᠤᠨ ᠵᠠᠰᠠᠭ ᠤᠨ ᠭᠠᠵᠠᠷ ᠤᠨ ᠭᠤᠤᠯᠳᠠᠯᠭ᠎ ᠠ ᠲᠠᠢ ᠪᠡᠷ ᠠᠲᠠᠷ ᠬᠠᠭᠠᠯᠪᠤᠷᠢᠯᠠᠭᠰᠠᠨ ᠣᠷᠤᠨ ᠤ ᠨᠢᠭᠡ ᠮᠦᠨ᠃ᠴᠢᠩ ᠤᠯᠤᠰ ᠤᠨ ᠵᠠᠰᠠᠭ ᠤᠨ ᠭᠠᠵᠠᠷ ᠡᠴᠡ ᠮᠣᠩᠭᠤᠯ ᠬᠤᠰᠢᠭᠤᠨ ᠤ ᠪᠡᠯᠴᠢᠭᠡᠷ ᠨᠤᠲᠤᠭ ᠢ ᠠᠯᠪᠠᠳᠠᠨ ᠬᠤᠭᠠᠯᠪᠤᠷᠢᠯᠠᠭᠰᠠᠨ ᠶᠠᠪᠤᠳᠠᠯ ᠢ ᠮᠣᠩᠭᠤᠯ ᠭᠤᠰᠢᠭᠤᠨ ᠤ ᠡᠯ ᠠ ᠠᠩᠬᠢ ᠲᠠᠪᠬᠤᠷᠭ᠎ᠠ ᠶᠢᠨᠬᠢᠨ ᠨᠡᠢᠳᠡᠮ ᠢᠢᠡᠷ ᠬᠤᠷᠢᠭᠯᠠᠨ ᠡᠰᠡᠷᠭᠦᠴᠡᠪᠡ᠃ ᠶᠡᠬᠡ ᠵᠣᠣ ᠶᠢᠨ ᠴᠢᠭᠤᠯᠭᠠᠨ ᠤ ᠲᠤᠯᠤᠭᠠᠨ ᠬᠤᠰᠢᠭᠤᠨ ᠲᠣᠳᠤᠷ ᠠ᠂ ᠵᠢᠦ᠋ᠨ ᠸᠠᠩ ᠤᠨ ᠬᠤᠰᠢᠭᠤ ᠨᠢ ᠬᠠᠮᠭᠤ ᠡᠴᠡ ᠡᠷᠲᠡ᠂ ᠬᠠᠮᠤᠭ ᠡᠴᠡ ᠠᠷᠪᠢᠨ ᠭᠠᠵᠠᠷ ᠢᠢᠡᠨ ᠲᠠᠯᠪᠢᠨ ᠬᠠᠭᠠᠯᠪᠤᠷᠢᠯᠠᠭᠰᠠᠨ ᠡᠴᠡ ᠪᠣᠯᠵᠤ᠂ ᠦᠷᠭᠡᠨ ᠣᠯᠠᠨ ᠮᠠᠯᠴᠢᠳ ᠤᠨ ᠲᠤᠷ ᠠ ᠦᠭᠡᠢᠴᠡᠯ ᠪᠠ ᠬᠢᠯᠢᠩ ᠬᠤᠷᠤᠰᠤᠯ ᠢ ᠬᠦᠳᠡᠯᠭᠡᠵᠡᠢ᠃ ᠲᠣᠬᠠᠢ ᠶᠢᠨ ᠦᠶ ᠡ ᠳ᠋ᠤ ᠵᠢᠶᠦ᠋ᠨ ᠸᠠᠩ ᠤᠨ ᠬᠤᠰᠢᠭᠤᠨ ᠳᠦ ᠬᠡᠳᠦᠢᠪᠡᠷ ᠵᠡᠭᠦᠨ ᠭᠠᠷ᠂ᠬᠠᠩᠬᠢᠨ ᠵᠡᠷᠭᠡ ᠬᠤᠰᠢᠭᠤᠳ ᠲᠠᠢ ᠠᠳᠠᠯᠢ ᠬᠤᠷᠴᠠ ᠰᠢᠷᠦᠬᠦᠨ ᠵᠡᠪᠰᠡᠭᠲᠦ ᠡᠰᠡᠷᠭᠦᠴᠡᠯ ᠭᠠᠷᠤᠭᠰᠠᠨ ᠦᠭᠡᠢ ᠪᠣᠯᠪᠠᠴᠤ ᠵᠢᠷᠭᠤᠭ᠎ᠠ᠂ ᠲᠤᠯᠤᠭᠠᠨ ᠵᠢᠯ ᠦᠷᠬᠦᠯᠵᠢᠯᠡᠭᠰᠡᠨ ᠪᠡᠯᠴᠢᠭᠡᠷ  ᠤᠨ ᠭᠠᠵᠠᠷ ᠦᠯᠡᠳᠡᠭᠡᠬᠦ ᠲᠡᠮᠡᠴᠡᠯ ᠡᠭᠦᠰᠦᠭᠰᠡᠨ ᠶᠣᠮ᠃ ᠲᠤᠰ ᠦᠭᠦᠯᠡᠯ ᠳ᠋ᠤ ᠡᠨᠡᠬᠦ ᠲᠡᠮᠡᠴᠡᠯ ᠤᠨ ᠡᠭᠦᠰᠦᠭᠰᠡᠨ ᠦᠩᠭᠡᠷᠡᠯᠲᠡ ᠵᠢ ᠰᠢᠰᠲ᠋ᠸᠮ ᠲᠠᠢ ᠦᠭᠦᠯᠡᠵᠦ᠂ ᠦᠪᠡᠷ ᠤᠨ ᠦᠵᠯᠡᠲᠡ ᠪᠠᠨ ᠲᠡᠪᠰᠢᠭᠦᠯᠦᠶ ᠡ᠃
Original Literature No Original Paper
出自 内蒙古师范大学学报 1996年 第1期

联系我们


内蒙古大学图书馆
呼和浩特市大学西路235号
中国·内蒙古
P: (0471) 4992561
E: huangfeilong@imu.edu.cn