Paper Information


Title ᠮᠤᠩᠭ᠋ᠤᠯ ᠦᠨᠳᠦᠰᠦᠳᠡᠨ ᠤ ᠠᠷᠠᠰᠤᠨ ᠰᠡᠢ᠌ᠯᠤᠮᠡᠯ ᠤᠷᠠᠯᠢᠭ ᠵᠢᠴᠢ ᠲᠡᠭᠦᠨ ᠤ ᠤᠳᠤᠬᠢ ᠪᠠᠢ᠌ᠳᠠᠯ
Creator ᠮᠡᠷᠭᠡᠨ; ᠪᠤᠤ ᠭᠡᠷᠡᠯᠳᠦ
Keyword ᠮᠤᠩᠭ᠋ᠤᠯ ᠦᠨᠳᠦᠰᠦᠳᠡᠨ; ᠠᠷᠠᠰᠤᠨ ᠰᠡᠢ᠌ᠯᠦᠮᠡᠯ ᠤᠷᠠᠯᠢᠭ; ᠤᠳᠤᠬᠢ ᠪᠠᠢ᠌ᠳᠠᠯ; ᠤᠯᠠᠮᠵᠢᠯᠠᠨ ᠵᠠᠯᠭᠠᠮᠵᠢᠯᠠᠬᠤ
Abstract ᠠᠷᠠᠰᠤᠨ ᠰᠡᠢ᠌ᠯᠤᠮᠠᠯ ᠤᠷᠠᠯᠢᠭ ᠪᠤᠯ ᠮᠤᠩᠭ᠋ᠤᠯ ᠦᠨᠳᠦᠰᠦᠳᠡᠨ ᠤ ᠲᠦᠷᠰᠦᠯᠡᠬᠦ ᠤᠷᠠᠯᠢᠭ ᠲᠤ ᠬᠢ ᠴᠢᠬᠤᠯᠠ ᠨᠢᠭᠡᠨ ᠪᠦᠷᠢᠯᠳᠦᠬᠦᠨ ᠬᠡᠰᠡᠭ ᠪᠠᠢ᠌ᠵᠤ᠂ ᠲᠡᠷᠡ ᠨᠢ ᠦᠨᠢ ᠤᠳᠠᠭᠠᠨ ᠲᠡᠦᠬᠡ ᠲᠠᠢ᠂ ᠨᠠᠷᠢᠯᠢᠭ ᠬᠢᠴᠡ ᠲᠠᠢ᠂ ᠪᠦᠷᠢᠨ ᠲᠦᠭᠦᠷ ᠭᠠᠷ ᠤᠷᠠᠯᠠᠯ ᠤᠨ ᠶᠠᠪᠤᠴᠠ ᠲᠠᠢ ᠪᠠᠢ᠌ᠳᠠᠭ᠃ ᠠᠷᠠᠰᠤᠨ ᠰᠡᠢ᠌ᠯᠤᠮᠡᠯ ᠤᠷᠠᠯᠢᠭ ᠨᠢ ᠭᠤᠤᠯᠳᠠᠭᠤ ᠮᠤᠩᠭ᠋ᠤᠯ ᠦᠨᠳᠦᠰᠦᠳᠡᠨ᠂ ᠬᠤᠳᠤᠩ ᠦᠨᠳᠦᠰᠦᠳᠡᠨ ᠪᠠ ᠶᠤᠭᠤᠷ ᠦᠨᠳᠦᠰᠦᠳᠡᠨ ᠤ ᠲᠤᠮᠳᠠ ᠤᠯᠠᠮᠵᠢᠯᠠᠭᠳᠠᠵᠤ ᠪᠠᠢ᠌ᠵᠠᠢ᠃ ᠤᠳᠤᠬᠠᠨ ᠳᠤ᠂ ᠲᠡᠯᠡᠬᠡᠢ ᠶᠢᠨ ᠤᠳᠤᠬᠢᠴᠢᠯᠠᠯᠳᠠ ᠶᠢᠨ ᠤᠷᠤᠰᠬᠠᠯ ᠢ ᠲᠠᠭᠠᠯᠳᠤᠨ ᠮᠤᠩᠭ᠋ᠤᠯ ᠦᠨᠳᠦᠰᠦᠳᠡᠨ ᠤ ᠠᠷᠠᠰᠤᠨ ᠰᠡᠢ᠌ᠯᠦᠮᠡᠯ ᠤᠷᠠᠯᠢᠭ ᠨᠢ ᠦᠨᠳᠦᠰᠦᠳᠡᠨ ᠤ ᠰᠤᠶᠤᠯ ᠤᠷᠠᠯᠢᠭ ᠤᠨ ᠤᠬᠢ ᠰᠤᠳᠤ ᠶᠢ ᠠᠴᠢᠶᠠᠯᠠᠵᠤ᠂ ᠴᠠᠭ ᠦᠶ᠎ᠡ ᠶᠢᠨ ᠰᠢᠨ᠎ᠡ ᠬᠦᠭ᠍ᠵᠢᠯᠳᠡ ᠶᠢ ᠡᠷᠢᠯᠬᠢᠯᠡᠵᠦ ᠪᠤᠢ᠃ ᠲᠤᠰ ᠦᠭᠦᠯᠡᠯ ᠳᠤ᠂ ᠮᠤᠩᠭ᠋ᠤᠯ ᠦᠨᠳᠦᠰᠦᠳᠡᠨ ᠤ ᠠᠷᠠᠰᠤᠨ ᠰᠡᠢ᠌ᠯᠤᠮᠡᠯ ᠤᠷᠠᠯᠢᠭ ᠤᠨ ᠤᠳᠤᠬᠢ ᠪᠠᠢ᠌ᠳᠠᠯ᠂ ᠲᠡᠭᠦᠨ ᠤ ᠦᠨ᠎ᠡ ᠦᠷᠳᠡᠭ ᠵᠢᠴᠢ ᠤᠳᠤᠬᠠᠨ ᠤ ᠬᠦᠭ᠍ᠵᠢᠯᠳᠡ ᠶᠢᠨ ᠲᠦᠪᠡᠭ᠍ᠳᠡᠯ ᠵᠡᠷᠭᠡ ᠲᠠᠯ᠎ᠠ ᠡᠴᠡ ᠵᠠᠳᠠᠯᠤᠯᠳᠠ ᠬᠢᠬᠦ ᠪᠡᠷ ᠲᠠᠮᠵᠢᠭᠤᠯᠤᠨ᠂ ᠮᠤᠩᠭ᠋ᠤᠯ ᠦᠨᠳᠦᠰᠦᠳᠡᠨ ᠤ ᠠᠷᠠᠰᠤᠨ ᠰᠡᠢ᠌ᠯᠦᠮᠡᠯ ᠤᠷᠠᠯᠢᠭ ᠤᠨ ᠤᠯᠠᠮ ᠴᠠᠭᠠᠰᠢᠳᠠ ᠦᠷᠨᠢᠨ ᠬᠦᠭ᠍ᠵᠢᠬᠦ  ᠳᠤ ᠦᠴᠦᠬᠡᠨ ᠦᠨ᠎ᠡ ᠦᠷᠳᠡᠭ ᠦᠵᠡᠭᠦᠯᠬᠦ ᠶᠢ ᠵᠤᠷᠢᠵᠠᠢ᠃
Original Literature View Original Paper
出自 内蒙古民族大学学报(社会科学) 2015年 第2期

联系我们


内蒙古大学图书馆
呼和浩特市大学西路235号
中国·内蒙古
P: (0471) 4992561
E: huangfeilong@imu.edu.cn