Abstract |
ᠦᠪᠦᠷ ᠮᠣᠩᠭᠤᠯ ᠤᠨ ᠪᠠᠭᠰᠢ ᠶᠢᠨ ᠶᠡᠬᠡ ᠰᠤᠷᠭᠠᠭᠤᠯᠢ᠂ ᠦᠪᠦᠷ ᠮᠣᠩᠭᠤᠯ ᠤᠨ ᠰᠤᠷᠭᠠᠨ ᠬᠦᠮᠦᠵᠢᠯ ᠤᠨ ᠭᠡᠪᠯᠡᠯ ᠤᠨ ᠬᠤᠷᠢᠶ ᠠ ᠵᠡᠷᠭᠡ ᠪᠠᠢᠭᠤᠯᠭ᠎ᠠ ᠨᠢᠭᠡᠴᠡ ᠶᠢᠨ ᠬᠡᠰᠡᠭ ᠨᠦᠭᠦᠳ 1989ᠣᠨ ᠤ ᠠᠷᠪᠠᠳᠤᠭᠠᠷ ᠰᠠᠷ ᠠ ᠳ᠋ᠤ ᠠᠷᠵᠠᠢ ᠠᠭᠤᠢ ᠶᠢᠨ ᠰᠣᠶᠣᠯ ᠤᠨ ᠦᠯᠡᠳᠡᠴᠡ ᠬᠢᠭᠡᠳ ᠤᠢᠭᠤᠷᠵᠢᠨ ᠮᠣᠩᠭᠤᠯ ᠪᠢᠴᠢᠭ ᠤᠨ ᠲᠤᠷᠠᠰᠬᠠᠯᠲᠤ ᠵᠦᠢᠯ ᠳ᠋ᠤ ᠠᠩᠬᠠᠨ ᠤ ᠪᠠᠢᠴᠠᠭᠠᠯᠲᠠ ᠬᠢᠭᠰᠡᠨ ᠪᠢᠯᠡ᠃ᠡᠨᠡ ᠤᠳᠠᠭᠠᠨ ᠤ ᠪᠠᠢᠴᠠᠭᠠᠯᠲᠠ ᠪᠡᠷ ᠶᠡᠬᠡ ᠬᠡᠮᠵᠢᠶᠠᠨ ᠤ ᠤᠢᠭᠤᠷᠵᠢᠨ ᠮᠣᠩᠭᠤᠯ ᠪᠢᠴᠢᠭ ᠤᠨ ᠲᠤᠷᠠᠰᠬᠠᠯᠲᠤ ᠵᠦᠢᠯ ᠦᠨᠡᠲᠦ ᠬᠡᠷᠡᠭᠯᠡᠬᠦᠨ ᠢ ᠤᠯᠵᠤ ᠢᠯᠡᠷᠡᠭᠦᠯᠦᠭᠰᠡᠨ ᠪᠦᠭᠡᠳ ᠤᠢᠭᠤᠷᠵᠢᠨ ᠮᠣᠩᠭᠤᠯ ᠪᠢᠴᠢᠭ ᠤᠨ ᠲᠤᠷᠠᠰᠬᠠᠯ ᠢᠢᠡᠷ ᠭᠤᠤᠯᠯᠠᠭᠤᠯᠤᠭᠰᠠᠨ ᠪᠦᠬᠦᠢᠯᠡ ᠠᠷᠵᠠᠢ ᠠᠭᠤᠢ ᠶᠢᠨ ᠰᠣᠶᠣᠯ ᠤᠨ ᠦᠯᠡᠳᠡᠴᠠ ᠶᠢᠨ ᠲᠣᠬᠠᠢ ᠡᠷᠡᠮ ᠰᠢᠨᠵᠢᠯᠡᠭᠡᠨ ᠤ ᠰᠢᠨ᠎ᠡ ᠬᠦᠷᠢᠶ ᠠ ᠵᠢ ᠨᠡᠭᠡᠭᠡᠭᠰᠡᠨ ᠪᠠᠢᠨ᠎ᠠ᠃ |