Paper Information


Title ᠮᠣᠩ᠋ᠭᠤᠯ ᠤᠨ ᠤᠯᠠᠮᠵᠢᠯᠠᠯᠲᠤ ᠶᠤᠰᠤ ᠰᠤᠷᠲᠠᠬᠤᠨ ᠤ ᠬᠦᠮᠦᠵᠢᠯ ᠦᠨ ᠦᠨᠳᠦᠰᠦᠨ ᠬᠡᠯᠪᠡᠷᠢ
Creator ᠨ‍᠂ ᠰᠧᠷᠡᠩ
Keyword ᠮᠣᠩ᠋ᠭᠤᠯ ᠦᠨᠳᠦᠰᠦᠲᠡᠨ; ᠶᠤᠰᠤ ᠰᠤᠷᠲᠠᠬᠤᠨ ᠤ ᠬᠦᠮᠦᠵᠢᠯ; ᠠᠢ᠌ᠯ ᠬᠤᠲᠠ; ᠰᠤᠷᠭᠠᠭᠤᠯᠢ; ᠨᠡᠢ᠌ᠭᠡᠮ ᠪᠡ ᠤᠯᠤᠰ ᠲᠦᠷᠦ; ᠱᠠᠰᠢᠨ
Abstract ᠮᠣᠩ᠋ᠭᠤᠯ ᠤᠨ ᠤᠯᠠᠮᠵᠢᠯᠠᠯᠲᠤ ᠨᠡᠢ᠌ᠭᠡᠮ ᠦᠨ ᠶᠤᠰᠤ ᠰᠤᠷᠲᠠᠬᠤᠨ ᠤ ᠬᠦᠮᠦᠵᠢᠯ ᠨᠢ ᠭᠤᠤᠯᠳᠠᠭᠤ ᠭᠡᠷ ᠪᠦᠯᠢ ᠪᠤᠶᠤ ᠠᠢ᠌ᠯ ᠬᠤᠲᠠ ᠬᠡᠮᠡᠬᠦ ᠨᠡᠢ᠌ᠭᠡᠮ ᠦᠨ ᠬᠠᠮᠤᠭ ᠦᠨᠳᠦᠰᠦᠨ ᠵᠤᠬᠢᠶᠠᠨ ᠪᠠᠢ᠌ᠭᠤᠯᠤᠯᠲᠠ ᠳᠤᠲᠤᠷ᠎ᠠ ᠶᠠᠪᠤᠭᠳᠠᠵᠤ ᠪᠠᠢ᠌ᠭᠰᠨ ᠶᠤᠮ᠃ ᠮᠣᠩ᠋ᠭᠤᠯᠴᠤᠳ ᠡᠷᠲᠡᠨ ᠡᠴᠡ 《ᠰᠤᠷᠭᠠᠯ ᠰᠠᠢ᠋ᠲᠠᠢ ᠭᠡᠷ ᠢ ᠡᠷᠬᠢᠮᠯᠡᠵᠦ》᠂ ᠡᠴᠢᠬᠡ ᠡᠬᠡ ᠪᠡ ᠠᠬᠠᠮᠠᠳ ᠠᠴᠠ ᠦᠷ᠎ᠡ ᠬᠡᠦᠬᠡᠳ ᠲᠦ ᠬᠠᠨᠳᠤᠬᠤ ᠳᠠᠭᠠᠨ 《ᠬᠠᠯᠠ ᠨᠢ ᠭᠠᠳᠠᠨ᠎ᠠ ᠪᠠᠨ ᠬᠠᠢ᠌ᠷ᠎ᠠ ᠨᠢ ᠳᠤᠲᠤᠷ᠎ᠠ ᠪᠠᠨ》ᠪᠠᠢ᠌ᠬᠤ ᠶᠢ ᠴᠢᠬᠤᠯᠠᠴᠢᠯᠠᠵᠤ᠂ ᠴᠢᠩ᠋ᠭ᠎ᠠ ᠬᠠᠲᠠᠭᠤ ᠶᠤᠰᠤ ᠰᠤᠷᠲᠠᠯ ᠤᠨ ᠬᠦᠮᠦᠵᠢᠯ ᠢ ᠢᠮᠠᠭᠲᠠ ᠲᠦᠷᠦᠭᠦᠨ ᠳᠦ ᠲᠠᠯᠪᠢᠳᠠᠭ ᠤᠯᠠᠮᠵᠢᠯᠠᠯ ᠲᠠᠢ ᠪᠠᠢ᠌ᠵᠠᠢ᠃ ᠦᠭᠦᠯᠡᠯ ᠳᠦ ᠮᠣᠩ᠋ᠭᠤᠯ ᠤᠨ ᠤᠯᠠᠮᠵᠢᠯᠠᠯᠲᠤ ᠶᠤᠰᠤ ᠰᠤᠷᠲᠠᠬᠤᠨ ᠤ ᠬᠦᠮᠦᠵᠢᠯ ᠦᠨ ᠦᠨᠳᠦᠰᠦᠨ ᠬᠡᠯᠪᠡᠷᠢ ᠶᠢ ᠭᠡᠷ ᠪᠦᠯᠢ ᠪᠡ ᠠᠢ᠌ᠯ ᠬᠤᠲᠠ ᠳᠤᠲᠤᠷᠠᠬᠢ ᠶᠤᠰᠤ ᠰᠤᠷᠲᠠᠬᠤᠨ ᠤ ᠬᠦᠮᠦᠵᠢᠯ᠂ ᠰᠤᠷᠭᠠᠭᠤᠯᠢ ᠶᠢᠨ ᠶᠤᠰᠤ ᠰᠤᠷᠲᠠᠬᠤᠨ ᠤ ᠬᠦᠮᠦᠵᠢᠯ᠂ ᠨᠡᠢ᠌ᠭᠡᠮ ᠪᠡ ᠤᠯᠤᠰ ᠲᠦᠷᠦ ᠶᠢᠨ ᠶᠤᠰᠤ ᠰᠤᠷᠲᠠᠬᠤᠨ ᠤ ᠬᠦᠮᠦᠵᠢᠯ᠂ ᠱᠠᠰᠢᠨ ᠤ ᠶᠤᠰᠤ ᠰᠤᠷᠲᠠᠬᠤᠨ ᠤ ᠬᠦᠮᠦᠵᠢᠯ ᠬᠡᠮᠡᠬᠦ ᠬᠡᠳᠦᠨ ᠠᠭᠤᠯᠭ᠎ᠠ ᠬᠤᠪᠢᠶᠠᠵᠤ ᠲᠤᠰ ᠲᠤᠰ ᠲᠤᠨᠢ ᠲᠡᠦᠬᠡᠴᠢᠯᠡᠨ ᠦᠭᠦᠯᠡᠵᠡᠢ᠃
Original Literature View Original Paper
出自 中国蒙古学 2013年 第4期

联系我们


内蒙古大学图书馆
呼和浩特市大学西路235号
中国·内蒙古
P: (0471) 4992561
E: huangfeilong@imu.edu.cn