Title |
ᠰᠤᠷᠤᠯᠴᠠᠬᠤ ᠳᠤ ᠵᠤᠷᠢᠭᠤᠯᠤᠭᠰᠠᠨ ᠮᠣᠩᠭᠤᠯ ᠰᠦᠯᠵᠢᠶ᠎ᠡ ᠶᠢ ᠵᠤᠬᠢᠶᠠᠨ ᠪᠠᠢᠭᠤᠯᠬᠤ ᠲᠤᠬᠠᠢ ᠰᠦᠪᠡᠭᠴᠢᠯᠡᠯᠲᠡ |
Creator |
ᠵᠢᠦᠢ ᠬᠤᠸᠠ; ᠭᠤᠤ ᠢᠦᠢ ᠬᠤᠸᠠ |
Keyword |
ᠮᠣᠩᠭᠤᠯ ᠰᠦᠯᠵᠢᠶ᠎ᠡ; ᠮᠣᠩᠭᠤᠯ ᠬᠡᠯᠡ; ᠰᠤᠷᠤᠯᠴᠠᠬᠤ |
Abstract |
ᠮᠣᠩᠭᠤᠯ ᠬᠡᠯᠡ ᠶᠢ ᠭᠤᠤᠯᠯᠠᠨ ᠬᠡᠷᠡᠭᠯᠡᠵᠦ ᠪᠠᠢᠭ᠎ᠠ ᠮᠣᠩᠭᠤᠯ ᠦᠨᠳᠦᠰᠦᠲᠡᠨ᠂ ᠤᠯᠤᠰ ᠤᠨ ᠠᠵᠤ ᠠᠬᠤᠢ ᠶᠢᠨ ᠲᠦᠷᠦ ᠶᠢᠨ ᠪᠤᠳᠤᠯᠭ᠎ᠠ᠂ ᠣᠳᠣᠬᠢᠴᠢᠯᠠᠭᠰᠠᠨ ᠰᠤᠶᠤᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢ ᠵᠡᠷᠭᠡ ᠰᠤᠷᠠᠭ ᠵᠠᠩᠭᠢ ᠶᠢ ᠣᠢᠯᠠᠭᠠᠨ ᠮᠡᠳᠡᠬᠦ ᠳᠦ᠂ ᠮᠣᠩᠭᠤᠯ ᠰᠦᠯᠵᠢᠶ᠎ᠡ ᠲᠤᠢᠯ ᠤᠨ ᠴᠢᠬᠤᠯᠠ ᠦᠢᠯᠡᠳᠦᠯ ᠲᠡᠢ ᠶᠤᠮ᠃ ᠭᠡᠲᠡᠯ᠎ᠡ ᠮᠣᠩᠭᠤᠯ ᠬᠡᠯᠡᠨ ᠦ ᠦᠪᠡᠷᠮᠢᠴᠡ ᠣᠨᠴᠠᠯᠢᠭ ᠬᠢᠭᠡᠳ ᠰᠦᠯᠵᠢᠶᠡᠨ ᠦ ᠨᠢᠭᠤᠷ ᠢ ᠪᠠᠢᠷᠢᠯᠠᠭᠤᠯᠬᠤ ᠮᠡᠷᠭᠡᠵᠢᠯ ᠦᠨ ᠬᠢᠵᠠᠭᠠᠷᠳᠠᠮᠠᠯ ᠴᠢᠨᠠᠷ ᠠᠴᠠ ᠪᠤᠯᠵᠤ ᠮᠣᠩᠭᠤᠯ ᠰᠦᠯᠵᠢᠶ᠎ᠡ ᠶᠢᠨ ᠬᠦᠭᠵᠢᠯᠲᠡ ᠨᠢ ᠤᠳᠠᠭᠠᠨ ᠪᠠᠢᠨ᠎ᠠ᠃ ᠲᠤᠰ ᠦᠭᠦᠯᠡᠯ ᠳᠦ᠂ ᠮᠣᠩᠭᠤᠯ ᠬᠡᠯᠡ ᠰᠤᠷᠤᠯᠴᠠᠬᠤ ᠰᠦᠯᠵᠢᠶ᠎ᠡ ᠶᠢ ᠵᠤᠬᠢᠶᠠᠨ ᠪᠠᠢᠭᠤᠯᠬᠤ ᠪᠠᠷ ᠵᠢᠱᠢᠶ᠎ᠡ ᠪᠤᠯᠭᠠᠵᠤ᠂ ᠰᠤᠷᠤᠯᠴᠠᠬᠤ ᠳᠤ ᠵᠤᠷᠢᠭᠤᠯᠤᠭᠰᠠᠨ ᠮᠣᠩᠭᠤᠯ ᠰᠦᠯᠵᠢᠶ᠎ᠡ ᠶᠢ ᠬᠡᠷᠬᠢᠨ ᠵᠤᠬᠢᠶᠠᠨ ᠪᠠᠢᠭᠤᠯᠬᠤ ᠲᠤᠬᠠᠢ ᠰᠦᠪᠡᠭᠴᠢᠯᠡᠯᠲᠡ ᠬᠢᠪᠡ᠃ |
Original Literature |
No Original Paper
|
出自 |
内蒙古师范大学学报(自然科学蒙古文版)
2013年
第4期
|