Title |
ᠬᠠᠰᠠᠷ ᠤᠨ ᠦᠶ᠎ᠡ ᠵᠠᠯᠭᠠᠮᠵᠢ ᠶᠢ ᠲᠤᠳᠤᠯᠠᠬᠤ ᠳᠤ ᠬᠤᠯᠪᠤᠭᠳᠠᠭᠰᠠᠨ ᠬᠡᠳᠦᠨ ᠠᠰᠠᠭᠤᠳᠠᠯ ᠳᠤ |
Creator |
ᠫᠷᠤᠹᠸᠰᠰᠤᠷ ᠪᠤ · ᠰᠠᠢ᠌ᠵᠢᠷᠠᠬᠤ |
Keyword |
ᠬᠠᠰᠠᠷ; ᠦᠷ᠎ᠡ ᠬᠤᠢ᠌ᠴᠢᠰ; ᠦᠶ᠎ᠡ ᠵᠠᠯᠭᠠᠮᠵᠢ; ᠰᠤᠷᠪᠤᠯᠵᠢ ᠪᠢᠴᠢᠭ᠌ |
Abstract |
ᠡᠷᠳᠡᠨ ᠤ ᠮᠤᠩᠭ᠋ᠤᠯᠴᠤᠳ ᠡᠴᠢᠭᠡᠴᠢᠯᠡᠯ ᠤᠨ ᠨᠡᠢ᠌ᠭᠡᠮ ᠤᠨ ᠶᠤᠰᠤ ᠰᠤᠷᠳᠠᠬᠤᠨ ᠤ ᠨᠦᠯᠦᠭᠡ ᠪᠡᠷ ᠦᠶ᠎ᠡ ᠵᠠᠯᠭᠠᠮᠵᠢ ᠪᠠᠨ ᠠᠮᠠ ᠪᠡᠷ ᠪᠤᠶᠤ ᠪᠢᠴᠢᠭ᠌ ᠶᠢᠡᠷ ᠤᠯᠠᠮᠵᠢᠯᠠᠳᠠᠭ ᠵᠠᠨᠰᠢᠯ ᠲᠠᠢ ᠪᠠᠢ᠌ᠵᠠᠢ᠃ ᠮᠦᠨ ᠡᠨᠡ ᠬᠦ ᠵᠤᠷᠰᠢᠯ ᠶᠢᠡᠷ ᠬᠠᠰᠠᠷ ᠤᠨ ᠬᠤᠢ᠌ᠴᠢᠰ ᠴᠤ ᠦᠪᠡᠷᠰᠳ ᠤᠨ ᠡᠪᠦᠭᠡ ᠲᠡᠭᠡᠳᠦᠰ ᠤᠨ ᠦᠶ᠎ᠡ ᠵᠠᠯᠭᠠᠮᠵᠢ ᠶᠢ ᠲᠡᠮᠳᠡᠭᠯᠡᠨ ᠤᠯᠠᠮᠵᠢᠯᠠᠬᠤ ᠪᠤᠯᠤᠭᠰᠠᠨ ᠶᠤᠮ᠃ ᠭᠡᠪᠡᠴᠦ ᠰᠤᠷᠪᠤᠯᠵᠢ ᠪᠢᠴᠢᠭ᠌ ᠤᠳ ᠲᠡᠬᠢ ᠬᠠᠰᠠᠷ ᠤᠨ ᠦᠶ᠎ᠡ ᠵᠠᠯᠭᠠᠮᠵᠢ ᠶᠢᠨ ᠲᠤᠬᠠᠢ ᠲᠡᠮᠳᠡᠭᠯᠡᠯ ᠨᠢ ᠬᠤᠭᠤᠷᠤᠨᠳᠤ ᠪᠠᠨ ᠵᠤᠬᠢᠬᠤ ᠵᠦᠷᠢᠶ᠎ᠡ ᠲᠠᠢ ᠪᠠᠢ᠌ᠳᠠᠭ᠃ ᠦᠭᠦᠯᠡᠯ ᠳᠤ ᠮᠤᠩᠭ᠋ᠤᠯᠴᠤᠳ ᠤᠨ ᠦᠶ᠎ᠡ ᠵᠠᠯᠭᠠᠮᠵᠢ ᠪᠠᠨ ᠲᠡᠮᠳᠡᠭᠯᠡᠬᠦ ᠲᠡᠦᠬᠡ ᠰᠤᠶᠤᠯ ᠤᠨ ᠰᠤᠷᠪᠤᠯᠵᠢ ᠲᠠᠢ ᠤᠶᠠᠯᠳᠤᠭᠤᠯᠤᠨ᠂ ᠬᠠᠰᠠᠷ ᠤᠨ ᠬᠤᠢ᠌ᠴᠢᠰ ᠤᠨ ᠦᠶ᠎ᠡ ᠵᠠᠯᠭᠠᠮᠵᠢ ᠶᠢᠨ ᠲᠤᠬᠠᠢ ᠡᠯ᠎ᠡ ᠵᠦᠢᠯ ᠤᠨ ᠰᠤᠷᠪᠤᠯᠵᠢ ᠪᠢᠴᠢᠭ᠌ ᠤᠨ ᠲᠡᠮᠳᠡᠭᠯᠡᠯ ᠢ ᠬᠠᠷᠢᠴᠠᠭᠤᠯᠤᠨ ᠰᠤᠳᠤᠯᠵᠤ᠂ ᠬᠠᠰᠠᠷ ᠤᠨ ᠦᠶ᠎ᠡ ᠵᠠᠯᠭᠠᠮᠵᠢ ᠶᠢ ᠲᠤᠳᠤᠯᠠᠬᠤ ᠶᠢᠨ ᠴᠢᠬᠤᠯᠠ ᠴᠢᠠᠨᠷ ᠪᠠ ᠤᠳᠤᠬᠢ ᠰᠤᠳᠤᠯᠭᠠᠨ ᠤ ᠪᠠᠢ᠌ᠳᠠᠯ ᠢ ᠲᠤᠪᠴᠢ ᠲᠠᠨᠢᠯᠴᠠᠭᠤᠯᠬᠤ ᠶᠢᠨ ᠬᠠᠮᠳᠤ ᠬᠠᠰᠠᠷ ᠤ ᠦᠶ᠎ᠡ ᠵᠠᠯᠭᠠᠮᠵᠢ ᠶᠢ ᠲᠤᠳᠤᠯᠠᠬᠤ ᠳᠤ ᠠᠩᠬᠠᠷᠬᠤ ᠴᠢᠬᠤᠯᠠᠳᠠᠢ ᠬᠡᠳᠦᠨ ᠠᠰᠠᠭᠤᠳᠠᠯ ᠢ ᠦᠭᠦᠯᠡᠭᠰᠡᠨ ᠪᠠᠢ᠌ᠨ᠎ᠠ᠃ |
Original Literature |
View Original Paper
|
出自 |
内蒙古社会科学(蒙文版)
2016年
第1期
|