Title |
《ᠮᠣᠩᠭᠤᠯ ᠠᠨᠠᠭᠠᠬᠤ ᠤᠬᠠᠭᠠᠨ ᠤ ᠦᠨᠳᠦᠰᠦᠨ ᠣᠨᠣᠯ》᠋ ᠤᠨ ᠵᠢᠭᠠᠬ ᠪᠢᠴᠢᠭ᠌ ᠬᠢᠭᠡᠳ ᠦᠨᠳᠦᠰᠦᠨ ᠣᠨᠣᠯ ᠤᠨ ᠲᠤᠬᠠᠢ ᠵᠠᠷᠢᠮ ᠠᠰᠠᠭᠤᠳᠠᠯ ᠢ ᠰᠦᠪᠡᠭ᠍ᠴᠢᠯᠡᠬᠦ ᠨᠢ —— ᠲᠠᠰᠢᠷᠠᠮ ᠳᠤ ᠨᠢ ᠪ᠂ ᠵᠢᠭᠮᠡᠳ ᠪᠠᠭᠰᠢ ᠳᠤ ᠵᠦᠪᠳᠡᠨ ᠬᠠᠷᠢᠭᠤᠯᠬᠤ ᠨᠢ |
Creator |
ᠪᠤᠶᠠᠨᠲᠤ |
Keyword |
ᠮᠣᠩᠭᠤᠯ ᠠᠨᠠᠭᠠᠬᠤ ᠤᠬᠠᠭᠠᠨ; ᠵᠢᠭᠠᠬᠤ ᠪᠢᠴᠢᠭ᠌; ᠣᠨᠣᠯ; ᠰᠢᠯᠲᠠᠭᠠᠨ; ᠡᠪᠡᠳᠴᠢᠨ |
Abstract |
ᠮᠣᠩ᠋ᠭᠤᠯ ᠠᠨᠠᠭᠠᠬᠤ ᠤᠬᠠᠭᠠᠨ ᠤ ᠦᠨᠳᠦᠰᠦᠨ ᠣᠨᠣᠯ ᠪᠤᠯ ᠮᠣᠩ᠋ᠭᠤᠯ ᠠᠨᠠᠭᠠᠬᠤ ᠤᠬᠠᠭᠠᠨ ᠤ ᠣᠨᠣᠯ ᠡᠮᠴᠢᠯᠡᠭᠡ ᠬᠢᠭᠡᠳ ᠡᠮ ᠦᠨ ᠤᠬᠠᠭᠠᠨ ᠤ ᠰᠠᠭᠤᠷᠢ ᠣᠨᠣᠯ ᠪᠤᠯᠤᠨ᠎ᠠ᠃ ᠲᠡᠷᠡ ᠨᠢ ᠦᠨᠢ ᠤᠳᠠᠭᠠᠨ ᠲᠡᠦᠬᠡᠨ ᠬᠦᠭ᠍ᠵᠢᠯᠲᠡ ᠶᠢᠨ ᠶᠠᠪᠤᠴᠠ ᠳᠤ ᠪᠠᠨ ᠦᠢ ᠣᠯᠠᠨ ᠮᠣᠩ᠋ᠭᠤᠯ ᠠᠨᠠᠭᠠᠬᠤ ᠤᠬᠠᠭᠠᠨ ᠤ ᠮᠡᠷᠭᠡᠳ ᠦᠨ ᠮᠡᠳᠯᠭᠡ ᠤᠬᠠᠭᠠᠨ ᠢ ᠰᠢᠩᠭᠡᠭᠡᠨ ᠪᠤᠯᠪᠠᠰᠤᠷᠠᠭᠤᠯᠵᠤ᠂ ᠠᠭᠠᠵᠢᠮ ᠢᠶᠠᠷ ᠰᠢᠰᠲ᠋ᠧᠮᠵᠢᠨ ᠲᠡᠭᠦᠯᠳᠡᠷᠵᠢᠵᠦ ᠢᠷᠡᠭᠰᠡᠨ ᠳᠤᠷᠤᠨᠠᠳᠠᠬᠢᠨ ᠤ ᠤᠯᠠᠮᠵᠢᠯᠠᠯᠲᠤ ᠠᠨᠠᠭᠠᠬᠤ ᠤᠬᠠᠭᠠᠨ ᠤ ᠰᠤᠳᠤᠨ ᠴᠢᠮᠡᠭ ᠦᠨ ᠨᠢᠭᠡ ᠨᠢ ᠮᠦᠨ᠃ ᠮᠣᠩ᠋ᠭᠤᠯ ᠠᠨᠠᠭᠠᠬᠤ ᠤᠬᠠᠭᠠᠨ ᠤ ᠣᠨᠣᠯ ᠡᠮᠴᠢᠯᠡᠭᠡᠨ ᠦ ᠤᠬᠠᠭᠠᠨ ᠨᠢ ᠬᠡᠳᠦᠢ᠌ᠪᠡᠷ ᠰᠢᠨᠵᠢᠯᠡᠬᠦ ᠤᠬᠠᠭᠠᠨᠴᠢ ᠴᠢᠨᠠᠷ᠂ ᠦᠢᠯᠡᠳᠦᠯᠭᠡᠴᠢ ᠴᠢᠨᠠᠷ ᠬᠢᠭᠡᠳ ᠰᠢᠰᠲ᠋ᠧᠮᠲᠦ ᠴᠢᠨᠠᠷ ᠢᠶᠠᠷ ᠬᠦᠮᠦᠰ ᠲᠦ ᠨᠢᠭᠡᠨᠲᠡ ᠵᠦᠪᠰᠢᠶᠡᠷᠡᠨ ᠮᠡᠳᠡᠷᠡᠭᠳᠡᠭᠰᠡᠨ ᠪᠤᠯᠪᠠᠴᠤ ᠵᠠᠷᠢᠮ ᠣᠨᠣᠯ ᠤᠨ ᠲᠠᠯ᠎ᠠ ᠪᠠᠷ ᠢ ᠠᠰᠠᠭᠤᠳᠠᠯ ᠳᠤ ᠮᠦᠨ ᠯᠡ ᠠᠳᠠᠯᠢ ᠪᠤᠰᠤ ᠶᠢᠨ ᠦᠵᠡᠯᠲᠡ ᠲᠠᠨᠢᠯᠲᠠ ᠲᠠᠢ ᠪᠠᠢ᠌ᠭᠰᠠᠭᠠᠷ ᠪᠢᠯᠡ᠃ ᠢᠯᠠᠩ᠋ᠭᠤᠶ᠎ᠠ ᠰᠢᠨ᠎ᠡ ᠪᠡᠷ ᠬᠡᠪᠯᠡᠭᠳᠡᠭᠰᠡᠨ 《ᠮᠣᠩ᠋ᠭᠤᠯ ᠠᠨᠠᠭᠠᠬᠤ ᠤᠬᠠᠭᠠᠨ ᠤ ᠦᠨᠳᠦᠰᠦᠨ ᠣᠨᠣᠯ》᠋ ᠤᠨ ᠬᠤᠶᠠᠳᠤᠭᠠᠷ ᠬᠡᠪᠯᠡᠯ ᠦᠨ ᠵᠢᠭᠠᠬᠤ ᠪᠢᠴᠢᠭ᠌ ᠲᠦ ᠵᠠᠷᠢᠮ ᠰᠤᠳᠤᠯᠭᠠᠲᠠᠳ ᠶᠡᠬᠡᠬᠡᠨ ᠰᠠᠨᠠᠯ ᠭᠠᠷᠭᠠᠵᠤ᠂ ᠬᠦᠨᠳᠦ ᠨᠤᠴᠢᠲᠠᠢ ᠣᠨᠣᠯ ᠤᠨ ᠴᠢᠨᠠᠷ ᠲᠠᠢ ᠠᠰᠠᠭᠤᠳᠠᠯ ᠬᠡᠮᠡᠨ ᠦᠵᠡᠭᠰᠡᠨ ᠤᠴᠢᠷ ᠠᠴᠠ ᠤᠳᠤᠬᠠᠨ ᠳᠤ ᠣᠨᠣᠯ ᠤᠨ ᠴᠢᠨᠠᠷ ᠲᠠᠢ ᠠᠰᠠᠭᠤᠳᠠᠯ ᠳᠤ ᠮᠣᠩ᠋ᠭᠤᠯ ᠠᠨᠠᠭᠠᠬᠤ ᠤᠬᠠᠭᠠᠨ ᠤ ᠰᠤᠳᠤᠯᠭᠠᠲᠠᠨ ᠨᠠᠷ ᠤᠨ ᠳᠤᠲᠤᠷ᠎ᠠ ᠦᠵᠡᠯᠲᠡ ᠲᠠᠨᠢᠯᠲᠠ ᠨᠢ ᠵᠠᠳᠠᠷᠠᠯ ᠭᠠᠷᠴᠤ᠂ ᠦᠪᠡᠷ ᠦᠪᠡᠷ ᠦᠨ ᠦᠵᠡᠯᠲᠡ ᠪᠡᠨ ᠪᠠᠷᠢᠮᠲᠠᠯᠠᠵᠤ ᠶᠡᠷᠦ ᠨᠢᠭᠡᠳᠴᠦ ᠴᠢᠳᠠᠬᠤ ᠦᠭᠡᠢ ᠪᠠᠢ᠌ᠭᠰᠠᠭᠠᠷ ᠪᠠᠢ᠌ᠭ᠎ᠠ ᠨᠢ ᠮᠣᠩ᠋ᠭᠤᠯ ᠠᠨᠠᠭᠠᠬᠤ ᠤᠬᠠᠭᠠᠨ ᠤ ᠡᠩᠨᠡᠭᠡᠨ ᠳᠦ ᠬᠢ ᠵᠠᠩ᠌ᠭᠢᠯᠠᠭᠠ ᠶᠢᠨ ᠴᠢᠨᠠᠷ ᠲᠠᠢ ᠠᠰᠠᠭᠤᠳᠠᠯ ᠪᠤᠯᠤᠭᠰᠠᠨ ᠪᠠᠢ᠌ᠨ᠎ᠠ᠃ ᠡᠨᠡ ᠨᠢ ᠬᠡᠳᠦᠢ᠌ᠪᠡᠷ ᠡᠷᠳᠡᠮ ᠰᠢᠨᠵᠢᠯᠡᠭᠡᠨ ᠦ ᠮᠠᠷᠭᠤᠭ᠎ᠠ ᠪᠤᠯᠪᠠᠴᠤ ᠲᠡᠭᠦᠨ ᠦ ᠬᠢ ᠪᠤᠷᠤᠭᠤ ᠦᠵᠡᠯᠲᠡ ᠨᠢ ᠶᠠᠪᠤᠭᠠᠨ ᠳᠤ ᠪᠠᠨ ᠮᠣᠩ᠋ᠭᠤᠯ ᠠᠨᠠᠭᠠᠬᠤ ᠤᠬᠠᠭᠠᠨ ᠤ ᠣᠨᠣᠯ ᠡᠴᠢᠯᠡᠭᠡ ᠬᠢᠭᠡᠳ ᠮᠣᠩ᠋ᠭᠤᠯ ᠡᠮ ᠨᠠᠢ᠌ᠷᠠᠯᠭ᠎ᠠ ᠶᠢᠨ ᠰᠤᠳᠤᠯᠭᠠᠨ ᠵᠢᠴᠢ ᠲᠡᠭᠦᠨ ᠦ ᠬᠤᠵᠢᠮ ᠤᠨ ᠬᠦᠭ᠍ᠵᠢᠯ ᠮᠠᠨᠳᠤᠯ ᠢ ᠶᠡᠬᠡᠬᠡᠨ ᠨᠦᠯᠦᠭᠡᠡᠬᠦ ᠪᠤᠯᠤᠨ᠎ᠠ᠃ ᠡᠨᠡ ᠬᠦ ᠪᠠᠢ᠌ᠳᠠᠯ ᠳᠤ ᠴᠢᠭᠯᠡᠭᠦᠯᠦᠨ ᠡᠨᠡᠳᠬᠡᠭ᠌ ᠦᠨ ᠭᠦᠨ ᠤᠬᠠᠭᠠᠨ᠂ ᠡᠷᠲᠡᠨ ᠦ ᠡᠨᠡᠳᠬᠡᠭ᠌᠂ ᠲᠦᠪᠡᠳ᠂ ᠮᠣᠩ᠋ᠭᠤᠯ ᠤᠨ ᠠᠨᠠᠭᠠᠬᠤ ᠤᠬᠠᠭᠠᠨ᠂ ᠣᠳᠣ ᠦᠶ᠎ᠡ ᠶᠢᠨ ᠠᠷᠭ᠎ᠠ ᠶᠢᠨ ᠣᠨᠣᠯ (方法论)ᠬᠢᠭᠡᠳ ᠡᠮᠴᠢᠯᠡᠭᠡᠨ ᠦ ᠦᠢᠯᠡᠳᠦᠯᠭᠡ ᠵᠡᠷᠭᠡ ᠲᠡᠢ ᠤᠶᠠᠯᠳᠤᠭᠤᠯᠤᠨ ᠮᠣᠩ᠋ᠭᠤᠯ ᠠᠨᠠᠭᠠᠬᠤ ᠤᠬᠠᠭᠠᠨ ᠤ ᠡᠪᠡᠳᠴᠢᠨ ᠦ ᠰᠢᠯᠲᠠᠭᠠᠨ ᠵᠡᠷᠭᠡ ᠣᠨᠣᠯ ᠤᠨ ᠴᠢᠨᠠᠷ ᠲᠠᠢ ᠠᠰᠠᠭᠤᠳᠠᠯ ᠢ ᠰᠦᠪᠡ᠍ᠭ᠍ᠴᠢᠯᠡᠨ ᠰᠤᠳᠤᠯᠬᠤ ᠪᠠᠷ ᠳᠠᠮᠵᠢᠨ᠂ ᠦᠨᠦ ᠶᠢᠨ ᠣᠨᠣᠯ ᠤᠨ ᠲᠤᠬᠠᠢ ᠮᠠᠷᠭᠤᠭᠠᠨ ᠤ ᠵᠠᠩᠭᠢᠶᠠᠳᠠᠰᠤ ᠶᠢ ᠲᠠᠢ᠌ᠯᠬᠤ ᠶᠢ ᠵᠤᠷᠢᠪᠠ᠃ |
Original Literature |
View Original Paper
|
出自 |
内蒙古民族大学学报(蒙医药学)
2011年
第2期
|