Paper Information


Title ᠵᠠᠯᠠᠢ᠌ᠳ ᠠᠮᠠᠨ ᠶᠠᠷᠢᠶᠠᠨ ᠤ ᠪᠦᠷᠢᠯᠳᠦᠯ ᠬᠦᠭ᠍ᠵᠢᠯ ᠤᠨ ᠨᠡᠢ᠌ᠭᠡᠮ ᠲᠡᠦᠬᠡ ᠶᠢᠨ ᠠᠬᠤᠢ ᠪᠠᠢ᠌ᠳᠠᠯ
Creator ᠲᠤᠯᠭᠠᠭᠤᠷᠢ; ᠭᠦᠢ ᠹᠠᠩ
Keyword ᠵᠠᠯᠠᠢ᠌ᠳ ᠠᠮᠠᠨ ᠶᠠᠷᠢᠶ᠎ᠠ; ᠪᠦᠷᠢᠯᠳᠦᠯ ᠬᠦᠭ᠍ᠵᠢᠯ; ᠨᠡᠢ᠌ᠭᠡᠮ ᠲᠡᠦᠬᠡ; ᠠᠬᠤᠢ ᠪᠠᠢ᠌ᠳᠠᠯ
Abstract ᠶᠠᠮᠠᠷ ᠨᠢᠭᠡᠨ ᠨᠤᠳᠤᠭ ᠤᠨ ᠠᠶᠠᠯᠭᠤ ᠪᠤᠶᠤ ᠠᠮᠠᠨ ᠠᠶᠠᠯᠭᠤ ᠴᠤ ᠭᠡᠰᠡᠨ ᠦᠭᠡᠢ ᠪᠦᠷ ᠲᠤᠬᠠᠢ ᠶᠢᠨ ᠤᠷᠤᠨ ᠨᠤᠳᠤᠭ ᠤᠨ ᠪᠤᠳᠠᠳᠤ ᠬᠡᠯᠡ ᠶᠠᠷᠢᠶ᠎ᠠ ᠳᠤ ᠲᠦᠰᠢᠭᠯᠡᠨ ᠬᠦᠮᠦᠰ ᠤᠨ ᠬᠠᠷᠢᠯᠴᠠᠭ᠎ᠠ ᠪᠠ ᠰᠡᠳᠭᠢᠬᠦᠢ ᠶᠢᠨ ᠬᠡᠷᠡᠭᠯᠡᠭᠦᠷ ᠪᠤᠯᠳᠠᠭ ᠮᠦᠷᠳᠡᠭᠡᠨ ᠲᠤᠬᠠᠢ ᠶᠢᠨ ᠤᠷᠤᠨ ᠨᠤᠳᠤᠭ ᠤᠨ ᠨᠡᠢ᠌ᠭᠡᠮ ᠰᠤᠶᠤᠯ ᠤᠨ ᠬᠦᠭ᠍ᠵᠢᠯᠳᠡ ᠶᠢ ᠲᠠᠭᠠᠵᠤ ᠬᠦᠭ᠍ᠵᠢᠵᠦ ᠬᠤᠪᠢᠷᠠᠳᠠᠭ᠃《ᠬᠡᠯᠡ ᠨᠢᠭᠡᠪᠦᠷᠢ ᠶᠢᠨ ᠤᠷᠤᠨ ᠨᠤᠳᠤᠭ ᠤᠨ ᠬᠤᠪᠢᠯᠪᠤᠷᠢ ᠨᠢ ᠴᠦᠮ ᠦᠪᠡᠷ ᠤᠨ ᠦᠪᠡᠷᠮᠢᠴᠡ ᠰᠢᠨᠵᠢ ᠪᠤᠯᠤᠨ ᠲᠤᠳᠤᠭᠠᠳᠤ ᠬᠦᠭ᠍ᠵᠢᠯ ᠤᠨ ᠵᠢᠮ᠎ᠡ ᠬᠠᠤᠯᠢ ᠪᠠᠢ᠌ᠬᠤ ᠮᠦᠷᠳᠡᠭᠡᠨ ᠪᠠᠰᠠ ᠵᠤᠬᠢᠬᠤ ᠰᠤᠶᠤᠯ ᠤᠨ ᠤᠷᠴᠢᠨ ᠠᠬᠤᠢ ᠯᠤᠭ᠎ᠠ ᠬᠤᠯᠪᠤᠭᠳᠠᠳᠠᠭ ᠪᠠᠢ᠌ᠨ᠎ᠠ》᠃ ᠵᠠᠯᠠᠢ᠌ᠳ ᠠᠮᠠᠨ ᠶᠠᠷᠢᠶᠠᠨ ᠤ ᠪᠦᠷᠢᠯᠳᠦᠯ ᠬᠦᠭ᠍ᠵᠢᠯ ᠢ ᠬᠠᠢ᠌ᠨ ᠰᠢᠨᠵᠢᠯᠡᠬᠦ ᠳᠤ ᠶᠠᠭᠤᠨ ᠤ ᠤᠷᠢᠳ᠂ ᠵᠠᠯᠠᠢ᠌ᠳ ᠠᠮᠠᠨ ᠶᠠᠷᠢᠶ᠎ᠠ ᠪᠡᠷ ᠶᠠᠷᠢᠯᠴᠠᠭᠴᠢ ᠬᠦᠮᠦᠰ ᠤᠨ ᠤᠷᠤᠰᠢᠨ ᠠᠮᠢᠳᠤᠷᠠᠵᠤ ᠪᠠᠢ᠌ᠭ᠎ᠠ ᠤᠷᠤᠨ ᠨᠤᠳᠤᠭ ᠤᠨ ᠪᠦᠷᠢᠯᠳᠦᠯ ᠪᠠ ᠨᠡᠢ᠌ᠭᠡᠮ ᠰᠤᠶᠤᠯ ᠤᠨ ᠤᠷᠴᠢᠨ ᠠᠬᠤᠢ ᠶᠢ ᠰᠢᠨᠵᠢᠨ ᠰᠤᠳᠤᠯᠬᠤ ᠴᠢᠬᠤᠯᠠ ᠲᠠᠢ᠃ ᠢᠩᠭᠢᠪᠡᠯ ᠰᠠᠶᠢ ᠵᠠᠯᠠᠢ᠌ᠳ ᠠᠮᠠᠨ ᠶᠠᠷᠢᠶ᠎ᠠ ᠶᠢ ᠨᠡᠩ ᠭᠦᠨᠵᠡᠭᠡᠢ᠌ᠷᠡᠭᠦᠯᠦᠨ ᠰᠤᠳᠤᠯᠬᠤ ᠪᠤᠯᠤᠮᠵᠢ ᠲᠠᠢ ᠪᠤᠯᠵᠤ ᠴᠢᠳᠠᠨ᠎ᠠ᠃
Original Literature View Original Paper
出自 中国蒙古学 2011年 第3期

联系我们


内蒙古大学图书馆
呼和浩特市大学西路235号
中国·内蒙古
P: (0471) 4992561
E: huangfeilong@imu.edu.cn