Title |
《ᠴᠢᠬᠤᠯᠠ ᠬᠡᠷᠡᠭᠯᠡᠭᠴᠢ ᠲᠡᠭᠦᠰ ᠤᠳᠬᠠᠲᠤ ᠱᠠᠰᠲᠢᠷ》᠋ ᠤᠨ ᠰᠤᠳᠤᠯᠭᠠᠨ ᠤ ᠪᠠᠢ᠌ᠳᠠᠯ ᠪᠠ ᠮᠣᠩ᠋ᠭᠤᠯᠴᠢᠯᠠᠭᠴᠢ ᠰᠢᠷᠡᠭᠡᠳᠦ ᠬᠦᠰᠢ ᠴᠤᠷᠵᠢ ᠶᠢᠨ ᠲᠤᠬᠠᠢ |
Creator |
ᠤᠶᠤᠨᠰᠡᠴᠡᠨ |
Keyword |
《ᠴᠢᠬᠤᠯᠠ ᠬᠡᠷᠡᠭᠯᠡᠭᠴᠢ ᠲᠡᠭᠦᠰ ᠤᠳᠬᠠᠲᠤ ᠱᠠᠰᠲᠢᠷ》; ᠰᠢᠷᠡᠭᠡᠳᠦ ᠬᠦᠦᠰᠢ ᠴᠤᠷᠵᠢ; ᠰᠤᠳᠤᠯᠭᠠᠨ |
Abstract |
《ᠴᠢᠬᠤᠯᠠ ᠬᠡᠷᠡᠭᠯᠡᠭᠴᠢ ᠲᠡᠭᠦᠰ ᠤᠳᠬᠠᠲᠤ ᠱᠢᠰᠲᠢᠷ》᠋ ᠦᠨ ᠠᠭᠤᠯᠭ᠎ᠠ ᠮᠠᠰᠢ ᠪᠠᠶᠠᠯᠢᠭ ᠪᠠᠢ᠌ᠵᠤ᠂ ᠪᠤᠷᠬᠠᠨ ᠱᠠᠰᠢᠨ ᠤ ᠰᠤᠷᠭᠠᠯ ᠨᠤᠮᠯᠠᠯ ᠤᠨ ᠲᠤᠬᠠᠢ ᠦᠷᠭᠡᠨ ᠮᠡᠳᠡᠯᠭᠡ ᠶᠢ ᠣᠯᠭᠤᠵᠤ᠂ ᠭᠤᠷᠪᠠᠨ ᠣᠷᠤᠨ ᠤ ᠱᠠᠰᠢᠨ ᠲᠦᠷᠦ ᠶᠢᠨ ᠡᠷᠲᠡᠨ ᠦ ᠲᠡᠦᠬᠡ ᠶᠢ ᠰᠤᠳᠤᠯᠬᠤ ᠳᠤ ᠪᠠᠲᠤᠲᠠᠢ ᠪᠠᠷᠢᠮᠲᠠ ᠬᠠᠩ᠋ᠭᠠᠭᠰᠠᠨ ᠵᠡᠷᠭᠡ ᠣᠨᠴᠠᠯᠢᠭ ᠰᠢᠨᠵᠢ ᠲᠡᠢ ᠤᠴᠢᠷ ᠠᠴᠠ ᠡᠨᠡ ᠵᠤᠬᠢᠶᠠᠯ ᠨᠢ ᠲᠡᠦᠬᠡ ᠶᠢᠨ ᠪᠤᠳᠠᠰᠴᠢ ᠦᠵᠡᠯ ᠢᠶᠡᠷ ᠵᠢᠯᠤᠭᠤᠳᠤᠯᠭ᠎ᠠ ᠪᠤᠯᠭᠠᠨ ᠰᠤᠷᠪᠤᠯᠵᠢ ᠪᠢᠴᠢᠭ᠌ ᠢ ᠬᠠᠷᠢᠴᠠᠭᠤᠯᠤᠨ ᠰᠤᠳᠤᠯᠬᠤ᠂ ᠵᠠᠳᠠᠯᠤᠨ ᠰᠢᠨᠵᠢᠯᠡᠬᠦ᠂ ᠭᠡᠷᠡᠴᠢ ᠪᠠᠷᠢᠮᠲᠠ ᠭᠠᠷᠭᠠᠬᠤ ᠵᠡᠷᠭᠡ ᠡᠷᠳᠡᠮ ᠰᠢᠨᠵᠢᠯᠡᠭᠡᠨ ᠦ ᠠᠷᠭ᠎ᠠ ᠢᠶᠠᠷ ᠵᠠᠳᠠᠯᠤᠨ ᠰᠢᠨᠵᠢᠯᠡᠵᠦ᠂ ᠰᠤᠳᠤᠯᠤᠨ ᠰᠢᠭᠦᠬᠦ ᠳᠦ ᠮᠠᠰᠢ ᠶᠡᠬᠡ ᠦᠨ᠎ᠡ ᠦᠷᠲᠡᠭ ᠲᠡᠢ ᠬᠤᠪᠤᠷ ᠨᠠᠨᠳᠢᠨ ᠰᠤᠳᠤᠷ ᠪᠠᠢ᠌ᠭ᠎ᠠ ᠶᠤᠮ᠃ ᠦᠭᠦᠯᠡᠯ ᠳᠦ 《ᠴᠢᠬᠤᠯᠠ ᠬᠡᠷᠡᠭᠯᠡᠭᠴᠢ ᠲᠡᠭᠰ ᠤᠳᠬᠠᠲᠤ ᠱᠠᠰᠲᠢᠷ》᠋ ᠤᠨ ᠬᠠᠳᠠᠭᠠᠯᠠᠯᠲᠠ ᠶᠢᠨ ᠪᠠᠢ᠌ᠳᠠᠯ ᠪᠠ ᠠᠭᠤᠯᠭ᠎ᠠ ᠶᠢᠨ ᠲᠤᠪᠴᠢ ᠶᠢ ᠦᠭᠦᠯᠡᠵᠦ᠂ ᠣᠳᠤ ᠪᠤᠯᠳᠠᠯᠠᠬᠢ ᠰᠤᠳᠤᠯᠭᠠᠨ ᠤ ᠪᠠᠢ᠌ᠳᠠᠯ ᠪᠠ ᠬᠦᠦᠰᠢ ᠴᠤᠷᠵᠢ ᠶᠢᠨ ᠲᠤᠬᠠᠢ ᠮᠡᠳᠡᠭᠡ ᠰᠡᠯᠳᠡ ᠶᠢ ᠬᠤᠷᠢᠶᠠᠩ᠋ᠭᠤᠢ᠌ᠯᠠᠨ ᠲᠡᠮᠳᠡᠭᠯᠡᠦ᠂ ᠵᠤᠬᠢᠬᠤ ᠲᠠᠯ᠎ᠠ ᠳᠤ ᠦᠪᠡᠷ ᠦᠨ ᠦᠵᠡᠯᠲᠡ ᠪᠡᠨ ᠳᠤᠷᠠᠳᠤᠨ᠂ ᠴᠠᠭᠠᠰᠢᠲᠠ ᠰᠤᠳᠤᠯᠤᠭᠤᠰᠢᠲᠠᠢ ᠵᠤᠢ᠌ᠯ ᠪᠠ ᠰᠤᠳᠤᠯᠬᠤ ᠠᠷᠭ᠎ᠠ ᠶᠢᠨ ᠲᠤᠬᠠᠢ ᠦᠪᠡᠷ ᠦᠨ ᠦᠵᠡᠯᠲᠡ ᠪᠡᠨ ᠳᠤᠷᠠᠳᠤᠭᠰᠠᠨ ᠪᠠᠢ᠌ᠨ᠎ᠠ᠃ |
Original Literature |
View Original Paper
|
出自 |
中国蒙古学
2013年
第3期
|