Abstract |
ᠬᠣᠷᠴᠢᠨ ᠠᠷᠠᠳ ᠤᠨ ᠦᠯᠢᠭᠡᠷᠲᠦ ᠳᠠᠭᠤᠤ 《ᠵᠠᠭᠠᠨ᠎ᠠ ᠪᠠᠯᠵᠢᠨᠢᠮ᠎ᠠ》 ᠪᠤᠯ ᠳᠡᠭᠡᠷ᠎ᠡ ᠵᠠᠭᠤᠨ ᠤ 30 ᠭᠠᠳ ᠣᠨ ᠤ ᠦᠶ᠎ᠡ ᠳᠦ ᠬᠣᠷᠴᠢᠨ ᠨᠤᠲᠤᠭ ᠲᠤ ᠭᠠᠷᠤᠭᠰᠠᠨ ᠲᠡᠦᠬᠡᠨ ᠦᠨᠡᠨ ᠬᠦᠮᠦᠨ ᠬᠡᠷᠡᠭ ᠦᠨ ᠰᠠᠭᠤᠷᠢ ᠳᠡᠭᠡᠷ᠎ᠡ ᠡᠭᠦᠰᠦᠭᠰᠡᠨ ᠪᠠᠢᠳᠠᠭ᠃ ᠲᠡᠭᠦᠨ ᠦ ᠵᠤᠬᠢᠶᠠᠭᠳᠠᠵᠤ ᠳᠡᠯᠭᠡᠷᠡᠭᠰᠡᠨ ᠰᠢᠯᠲᠠᠭᠠᠨ ᠨᠢ ᠬᠣᠷᠴᠢᠨ ᠨᠤᠲᠤᠭ ᠤᠨ ᠬᠦᠮᠦᠰ ᠵᠠᠭᠠᠨ᠎ᠠ᠂ ᠪᠠᠯᠵᠢᠨᠢᠮ᠎ᠠ ᠠᠬ᠎ᠠ ᠳᠡᠭᠦᠦ ᠬᠤᠶᠠᠷ ᠤᠨ ᠪᠠᠭᠠᠲᠤᠷᠯᠢᠭ ᠦᠢᠯᠡ ᠶᠠᠪᠤᠳᠠᠯ ᠢ ᠦᠨᠢᠳᠡ ᠳᠤᠷᠠᠰᠬᠠᠨ ᠮᠦᠷᠦᠭᠡᠳᠬᠦ ᠶᠢᠨ ᠲᠦᠯᠦᠭᠡ ᠠᠵᠢ᠃ ᠦᠭᠦᠯᠡᠯ ᠳᠦ᠂ ᠦᠯᠢᠭᠡᠷᠲᠦ ᠳᠠᠭᠤᠤ 《ᠵᠠᠭᠠᠨ᠎ᠠ᠂ ᠪᠠᠯᠵᠢᠨᠢᠮ᠎ᠠ》 ᠶᠢᠨ ᠡᠭᠦᠰᠦᠯ ᠢᠷᠡᠯ ᠢ ᠲᠤᠪᠴᠢ ᠲᠠᠨᠢᠯᠴᠠᠭᠤᠯᠬᠤ ᠶᠢᠨ ᠳᠠᠭᠠᠤ ᠲᠤᠰ ᠳᠠᠭᠤᠤ ᠶᠢ ᠪᠠᠭᠲᠠᠭᠠᠭᠰᠠᠨ ᠬᠣᠷᠴᠢᠨ ᠤ ᠤᠯᠠᠮᠵᠢᠯᠠᠯᠲᠤ ᠪᠤᠳᠠᠰ ᠤᠨ ᠪᠤᠰᠤ ᠰᠤᠶᠤᠯ ᠤᠨ ᠦᠪ ᠢ ᠬᠡᠷᠬᠢᠨ ᠠᠪᠤᠷᠠᠨ ᠬᠠᠮᠠᠭᠠᠯᠠᠵᠤ᠂ ᠤᠯᠠᠮᠵᠢᠯᠠᠨ ᠬᠦᠭᠵᠢᠭᠦᠯᠬᠦ ᠶᠢᠨ ᠴᠢᠬᠤᠯᠠ ᠴᠢᠨᠠᠷ ᠢ ᠳᠦᠭᠦᠮ ᠦᠭᠦᠯᠡᠵᠡᠢ᠃ |