Paper Information


Title ᠴᠢᠩ ᠤᠯᠤᠰ ᠤᠨ ᠰᠡᠭᠦᠯᠴᠢ ᠶᠢᠨ ᠦᠶ᠎ᠡ ᠶᠢᠨ ᠰᠢᠨ᠎ᠡ ᠵᠠᠰᠠᠭ ᠤᠨ ᠵᠡᠭᠦᠨ ᠬᠤᠢ᠌ᠲᠤ ᠣᠷᠤᠨ ᠤ ᠮᠣᠩ᠋ᠭᠤᠯ ᠬᠤᠰᠢᠭᠤᠨ ᠲᠠᠬᠢ ᠲᠦᠷᠦ ᠶᠢᠨ ᠪᠤᠳᠤᠯᠭ᠎ᠠ
Creator ᠳᠡᠯᠭᠡᠷᠮ᠎ᠡ; ᠴᠤᠯᠮᠤᠨ
Keyword ᠴᠢᠩ ᠤᠯᠤᠰ; ᠰᠢᠨ᠎ᠡ ᠵᠠᠰᠠᠭ; ᠵᠡᠭᠦᠨ ᠬᠤᠢ᠌ᠲᠤ ᠣᠷᠤᠨ ᠤ ᠮᠣᠩ᠋ᠭᠤᠯ ᠬᠤᠰᠢᠭᠤᠳ; ᠡᠷᠬᠡᠰᠢᠶᠡᠯᠲᠡ ᠪᠡ ᠨᠡᠭᠡᠭᠡᠯᠲᠡ
Abstract ᠶᠠᠫᠤᠨ ᠣᠷᠤᠰ ᠤᠨ ᠳᠠᠢ᠌ᠨ ᠤ ᠳᠠᠷᠠᠭ᠎ᠠ ᠴᠢᠩ ᠤᠯᠤᠰ ᠤᠨ ᠵᠠᠰᠠᠭ ᠤᠨ ᠭᠠᠵᠠᠷ ᠬᠢᠯᠢ ᠬᠢᠵᠠᠭᠠᠷ ᠢᠶᠠᠨ ᠪᠡᠬᠢᠯᠡᠨ ᠪᠠᠲᠤᠳᠬᠠᠵᠤ᠂ ᠬᠢᠮᠤᠷᠠᠯ ᠲᠦᠭ᠍ᠰᠢᠭᠦᠷᠢ ᠡᠴᠡ ᠬᠡᠯᠲᠦᠷᠢᠨ ᠵᠠᠢ᠌ᠯᠠᠰᠬᠢᠬᠤ ᠶᠢᠨ ᠲᠦᠯᠦᠭᠡ ᠵᠡᠭᠦᠨ ᠬᠤᠢ᠌ᠲᠤ ᠣᠷᠤᠨ ᠳᠤ ᠰᠢᠨ᠎ᠡ ᠵᠠᠰᠠᠭ ᠢ ᠬᠡᠷᠡᠭᠵᠢᠭᠦᠯᠵᠡᠢ᠃ ᠡᠨᠡ ᠬᠦ ᠶᠠᠪᠤᠴᠠ ᠳᠤ ᠵᠡᠭᠦᠨ ᠬᠤᠢ᠌ᠲᠤ ᠶᠢᠨ ᠭᠤᠷᠪᠠᠨ ᠮᠤᠵᠢ ᠶᠢ ᠪᠦᠬᠦᠳᠡ ᠶᠢ ᠵᠠᠬᠢᠷᠤᠭᠴᠢ ᠰᠠᠢ᠌ᠳ ᠠᠴᠠ ᠴᠢᠩ ᠤᠯᠤᠰ ᠤᠨ ᠮᠣᠩ᠋ᠭᠤᠯ ᠢ ᠨᠤᠶᠠᠷᠬᠠᠬᠤ ᠤᠯᠠᠮᠵᠢᠯᠠᠯᠲᠤ ᠲᠦᠷᠦ ᠶᠢᠨ ᠪᠤᠳᠤᠯᠭ᠎ᠠ ᠳᠤ ᠦᠭᠡᠷᠡᠴᠢᠯᠡᠯᠲᠡ ᠬᠢᠵᠦ᠂ ᠨᠢᠭᠡ ᠲᠠᠯ᠎ᠠ ᠪᠠᠷ ᠵᠠᠰᠠᠭ ᠵᠠᠬᠢᠷᠭ᠎ᠠ ᠪᠠ ᠴᠡᠷᠢᠭ ᠵᠠᠰᠠᠭ ᠤᠨ ᠠᠷᠭ᠎ᠠ ᠠᠪᠴᠠᠯ ᠢᠶᠠᠷ ᠮᠣᠩ᠋ᠭᠤᠯ ᠬᠤᠰᠢᠭᠤᠳ ᠲᠠᠬᠢ ᠬᠠᠮᠢᠶᠠᠷᠤᠯᠲᠠ ᠪᠠ ᠡᠷᠬᠡᠰᠢᠶᠡᠯᠲᠡ ᠪᠡᠨ ᠴᠢᠩ᠋ᠭᠠᠳᠬᠠᠬᠤ ᠶᠢᠨ ᠳᠠᠭᠠᠤ ᠨᠦᠬᠦᠭᠡ ᠲᠠᠯ᠎ᠠ ᠪᠠᠷ ᠮᠣᠩ᠋ᠭᠤᠯ ᠬᠤᠰᠢᠭᠤᠳ ᠲᠤ ᠠᠲᠠᠷ ᠬᠠᠭᠠᠯᠪᠤᠷᠢᠯᠠᠬᠤ᠂ ᠵᠠᠮ ᠵᠠᠰᠠᠬᠤ᠂ ᠰᠤᠳᠠᠨ ᠬᠤᠯᠪᠤᠭ᠎ᠠ ᠪᠠᠢ᠌ᠭᠤᠯᠬᠤ᠂ ᠰᠤᠶᠤᠯ ᠰᠤᠷᠭᠠᠨ ᠬᠦᠮᠦᠵᠢᠯ ᠡᠷᠬᠢᠯᠡᠬᠦ ᠭᠡᠬᠦ ᠮᠡᠲᠦ ᠪᠡᠷ ᠲᠤᠬᠠᠢ ᠶᠢᠨ ᠣᠷᠤᠨ ᠢ ᠨᠡᠭᠡᠭᠡᠨ ᠪᠡᠬᠢᠵᠢᠭᠦᠯᠬᠦ ᠪᠡᠷ ᠵᠤᠷᠢᠵᠠᠢ᠃ ᠡᠨᠡ ᠮᠡᠲᠦ ᠶᠢᠨ ᠡᠷᠬᠡᠰᠢᠶᠡᠯᠲᠡ ᠵᠠᠬᠢᠷᠤᠯᠲᠠ ᠪᠠ ᠨᠡᠭᠡᠭᠡᠯᠲᠡ ᠪᠡᠬᠢᠵᠢᠭᠦᠯᠦᠯᠲᠡ ᠶᠢᠨ ᠠᠷᠭ᠎ᠠ ᠠᠪᠴᠠᠯ ᠨᠢ ᠴᠢᠩ ᠤᠯᠤᠰ ᠤᠨ ᠰᠡᠭᠦᠯᠴᠢ ᠶᠢᠨ ᠦᠶ᠎ᠡ ᠶᠢᠨ ᠮᠣᠩ᠋ᠭᠤᠯ ᠬᠤᠰᠢᠭᠤᠳ ᠲᠤ ᠬᠡᠷᠡᠭᠵᠢᠭᠦᠯᠦᠭᠰᠡᠨ ᠰᠢᠨ᠎ᠡ ᠵᠠᠰᠠᠭ ᠤᠨ ᠭᠤᠤᠯ ᠠᠷᠭ᠎ᠠ ᠬᠡᠮᠵᠢᠶ᠎ᠡ ᠪᠠᠢ᠌ᠵᠤ᠂ ᠴᠢᠩ ᠤᠯᠤᠰ ᠤᠨ ᠰᠡᠭᠦᠯᠴᠢ ᠶᠢᠨ ᠦᠶ᠎ᠡ ᠶᠢᠨ 《ᠮᠣᠩ᠋ᠭᠤᠯ ᠤᠨ ᠲᠤᠬᠠᠢ ᠠᠷᠭ᠎ᠠ ᠪᠤᠳᠤᠯᠭ᠎ᠠ ᠶᠢ ᠪᠦᠬᠦ ᠲᠠᠯ᠎ᠠ ᠪᠠᠷ ᠬᠤᠪᠢᠷᠠᠭᠤᠯᠵᠤ᠂ ᠬᠠᠭᠤᠴᠢᠨ ᠳᠦᠢᠮ ᠪᠠᠢ᠌ᠭᠤᠯᠤᠯ ᠢ ᠰᠢᠨ᠎ᠡ ᠪᠡᠷ ᠦᠭᠡᠷᠡᠴᠢᠯᠡᠬᠦ》ᠦᠨᠳᠦᠰᠦᠨ ᠪᠤᠳᠤᠯᠭ᠎ᠠ ᠶᠢᠨ ᠬᠢᠨᠢ ᠪᠤᠳᠠᠲᠠᠢ ᠢᠯᠡᠷᠡᠯ ᠪᠤᠯᠤᠨ᠎ᠠ᠃
Original Literature View Original Paper
出自 中国蒙古学 2013年 第3期

联系我们


内蒙古大学图书馆
呼和浩特市大学西路235号
中国·内蒙古
P: (0471) 4992561
E: huangfeilong@imu.edu.cn