Paper Information


Title ᠲᠠᠪᠤᠨ ᠬᠤᠰᠢᠭᠤ ᠮᠠᠯ ᠳᠤ ᠬᠤᠯᠪᠤᠭᠳᠠᠬᠤ ᠦᠭᠡᠰ ᠦᠨ ᠰᠠᠩ ᠤᠨ ᠤᠳᠬ᠎ᠠ ᠶᠢᠨ ᠬᠦᠮᠦᠷᠭᠡ ᠶᠢᠨ ᠴᠤᠭᠴᠠᠯᠠᠯᠲᠠ ᠶᠢᠨ ᠲᠤᠬᠠᠢ
Creator ᠪᠤᠶᠠᠨᠴᠡᠴᠡᠭ᠌; ᠮᠠᠨᠳᠤᠬᠤ
Keyword ᠲᠠᠪᠤᠨ ᠬᠤᠰᠢᠭᠤ ᠮᠠᠯ; ᠦᠭᠰ ᠦᠨ ᠰᠠᠩ; ᠤᠳᠬ᠎ᠠ ᠶᠢᠨ ᠬᠦᠮᠦᠷᠭᠡ
Abstract ᠮᠣᠩᠭᠤᠯᠴᠤᠳ ᠣᠷᠤᠰᠢᠨ ᠠᠮᠢᠳᠤᠷᠠᠵᠤ ᠪᠠᠢᠭ ᠠ ᠣᠷᠴᠢᠨ ᠲᠤᠭᠤᠷᠢᠨ ᠤ ᠪᠠᠨ ᠣᠨᠴᠠᠯᠢᠭ ᠲᠤ ᠵᠤᠬᠢᠴᠠᠭᠤᠯᠤᠨ ᠲᠠᠪᠤᠨ ᠬᠤᠰᠢᠭᠤ ᠮᠠᠯ ᠢᠶᠠᠨ ᠨᠡᠭᠦᠳᠡᠯᠯᠡᠨ ᠮᠠᠯᠵᠢᠬᠤ ᠡᠵᠡᠩᠨᠡᠯᠲᠡ ᠶᠢᠨ ᠬᠡᠯᠪᠡᠷᠢ ᠪᠡᠷ ᠠᠷᠠᠴᠢᠯᠠᠨ ᠬᠠᠷᠢᠭᠤᠯᠵᠤ᠂ ᠨᠤᠲᠤᠭ ᠤᠰᠤᠨ ᠤ ᠪᠠᠨ ᠠᠮᠢ ᠠᠬᠤᠢ ᠶᠢ ᠲᠡᠩᠴᠡᠭᠦᠰᠢᠷᠡᠭᠦᠯᠦᠨ ᠬᠠᠮᠠᠭᠠᠯᠠᠵᠤ ᠢᠷᠡᠭᠰᠡᠨ ᠨᠢ ᠲᠡᠳᠡᠨ ᠦ ᠤᠶᠤᠨ ᠤᠬᠠᠭᠠᠨ ᠪᠠ ᠲᠤᠷᠰᠢᠯᠭ᠎ᠠ ᠰᠤᠷᠭᠠᠮᠵᠢ ᠶᠢᠨ ᠦᠷ᠎ᠡ ᠳ᠋ᠦᠩ ᠪᠤᠯᠬᠤ ᠶᠤᠮ᠃ ᠲᠤᠰ ᠦᠭᠦᠯᠡᠯ ᠳᠦ ᠮᠣᠩᠭᠤᠯ ᠦᠨᠳᠦᠰᠦᠲᠡᠨ ᠦ ᠨᠡᠭᠦᠳᠡᠯ ᠠᠮᠢᠳᠤᠷᠠᠯ ᠪᠠ ᠮᠠᠯᠵᠢᠬᠤ ᠰᠤᠶᠤᠯ ᠤᠨ ᠴᠢᠬᠤᠯᠠ ᠠᠴᠢᠶᠠᠯᠠᠰᠤ ᠪᠤᠯᠬᠤ ᠲᠠᠪᠤᠨ ᠬᠤᠰᠢᠭᠤ ᠮᠠᠯ ᠳᠤ ᠬᠤᠯᠪᠤᠭᠳᠠᠬᠤ ᠦᠭᠡᠰ ᠦᠨ ᠰᠠᠩ ᠢ ᠡᠮᠬᠢᠳᠭᠡᠨ ᠴᠤᠭᠯᠠᠭᠤᠯᠵᠤ᠂ ᠺᠤᠮᠫᠢᠦ᠋ᠲ᠋ᠧᠷ ᠤᠨ ᠮᠡᠷᠭᠡᠵᠢᠯ ᠢ ᠬᠡᠷᠡᠭᠯᠡᠨ ᠳ᠋ᠠᠢᠲ᠋ᠠ ᠶᠢᠨ ᠬᠦᠮᠦᠷᠭᠡ ᠶᠢᠨ ᠬᠡᠯᠪᠡᠷᠢ ᠪᠡᠷ ᠦᠭᠡᠰ ᠦᠨ ᠰᠠᠩ ᠤᠨ ᠤᠳᠬ᠎ᠠ ᠶᠢᠨ ᠬᠦᠮᠦᠷᠭᠡ ᠶᠢ ᠪᠠᠢᠭᠤᠯᠬᠤ ᠤᠳᠬ᠎ᠠ ᠠᠭᠤᠯᠭ᠎ᠠ ᠪᠠ ᠠᠷᠭ᠎ᠠ ᠶᠠᠪᠤᠴᠠ ᠶᠢ ᠲᠠᠨᠢᠯᠴᠠᠭᠤᠯᠪᠠ᠃ ᠡᠨᠡ ᠶᠠᠪᠤᠴᠠ ᠳᠠᠭᠠᠨ ᠣᠳᠣ ᠦᠶ᠎ᠡ ᠶᠢᠨ ᠬᠡᠯᠡ ᠰᠢᠨᠵᠢᠯᠡᠯ ᠦᠨ ᠠᠷᠭ᠎ᠠ ᠶᠢ ᠬᠡᠷᠡᠭᠯᠡᠨ᠂ ᠢᠯᠠᠩᠭᠤᠶ᠎ᠠ ᠤᠳᠬ᠎ᠠ ᠶᠢᠨ ᠣᠷᠤᠨ ᠤ ᠣᠨᠣᠯ ᠠᠷᠭ᠎ᠠ ᠪᠠᠷ ᠲᠠᠪᠤᠨ ᠬᠤᠰᠢᠭᠤ ᠮᠠᠯ ᠳᠤ ᠬᠤᠯᠪᠤᠭᠳᠠᠬᠤ ᠦᠭᠡᠰ ᠢ ᠲᠦᠷᠦᠯ ᠠᠩᠭᠢᠯᠠᠨ ᠲᠠᠢᠯᠪᠤᠷᠢᠯᠠᠯᠲᠠ ᠬᠢᠬᠦ ᠪᠡᠷ ᠳᠠᠮᠵᠢᠨ ᠮᠠᠯᠵᠢᠬᠤ ᠰᠤᠶᠤᠯ ᠢᠶᠠᠨ ᠣᠢᠯᠠᠭᠠᠵᠤ ᠲᠠᠨᠢᠬᠤ᠂ ᠴᠠᠭᠠᠰᠢᠯᠠᠪᠠᠯ ᠰᠤᠷᠴᠤ ᠰᠤᠳᠤᠯᠬᠤ ᠬᠦᠮᠦᠰ ᠲᠦ ᠰᠤᠷᠪᠤᠯᠵᠢ ᠬᠠᠩᠭᠠᠨ ᠳᠦᠭᠦᠮ ᠦᠵᠡᠭᠦᠯᠬᠦ ᠶᠢ ᠵᠤᠷᠢᠭᠰᠠᠨ ᠶᠤᠮ᠃
Original Literature View Original Paper
出自 中国蒙古学 2016年 第2期

联系我们


内蒙古大学图书馆
呼和浩特市大学西路235号
中国·内蒙古
P: (0471) 4992561
E: huangfeilong@imu.edu.cn