Paper Information


Title ᠳᠡᠭᠡᠳᠦ ᠰᠤᠷᠭᠠᠭᠤᠯᠢ ᠶᠢᠨ ᠪᠡᠶ᠎ᠡ ᠲᠠᠮᠢᠷ ᠤᠨ ᠵᠢᠭᠠᠨ ᠰᠤᠷᠭᠠᠯᠲᠠ ᠶᠢᠨ ᠦᠭᠡᠷᠡᠴᠢᠯᠡᠯᠲᠡ ᠬᠢᠭᠡᠳ ᠰᠢᠨᠡᠴᠢᠯᠡᠯᠲᠡ
Creator ᠸᠠᠩ ᠹᠦ᠋ ᠴᠢᠤᠸᠠᠨ
Keyword ᠳᠡᠭᠡᠳᠦ ᠰᠤᠷᠭᠠᠭᠤᠯᠢ; ᠪᠡᠶ᠎ᠡ ᠲᠠᠮᠢᠷ ᠤᠨ ᠵᠢᠭᠠᠨ ᠰᠤᠷᠭᠠᠯᠲᠠ; ᠦᠭᠡᠷᠡᠴᠢᠯᠡᠯᠲᠡ; ᠰᠢᠨᠡᠴᠢᠯᠡᠯᠲᠡ
Abstract ᠮᠠᠨ ᠤ ᠤᠯᠤᠰ ᠤᠨ ᠰᠤᠷᠭᠠᠨ ᠬᠦᠮᠦᠵᠢᠯ ᠦᠨ ᠦᠢᠯᠡᠰ ᠪᠡ ᠪᠡᠶ᠎ᠡ ᠲᠠᠮᠢᠷ ᠤᠨ ᠦᠢᠯᠡᠰ ᠦᠨ ᠦᠷᠨᠢᠨ ᠬᠦᠭ᠍ᠵᠢᠬᠦ ᠵᠢᠴᠢ ᠠᠵᠤ ᠠᠬᠤᠢ ᠶᠢᠨ ᠪᠠᠢ᠌ᠭᠤᠯᠤᠮᠵᠢ ᠶᠢᠨ ᠦᠭᠡᠷᠡᠴᠢᠯᠡᠯᠲᠡ ᠶᠢᠨ ᠡᠳᠦᠷ ᠢᠷᠡᠬᠦᠶ᠎ᠡ ᠭᠦᠨᠵᠡᠭᠡᠢ᠌ᠷᠡᠬᠦ ᠶᠢ ᠳᠠᠭᠠᠯᠳᠤᠨ᠂ ᠮᠠᠨ ᠤ ᠤᠯᠤᠰ ᠤᠨ ᠤᠤᠯ ᠠᠴᠠ ᠪᠠᠢ᠌ᠭᠰᠠᠨ ᠳᠡᠭᠡᠳᠦ ᠰᠤᠷᠭᠠᠭᠤᠯᠢ ᠶᠢᠨ ᠪᠡᠶ᠎ᠡ ᠲᠠᠮᠢᠷ ᠤᠨ ᠵᠢᠭᠠᠨ ᠰᠤᠷᠭᠠᠯᠲᠠ ᠨᠢ ᠣᠳᠣ ᠦᠶ᠎ᠡ ᠶᠢᠨ ᠴᠢᠳᠠᠪᠤᠷᠢᠲᠠᠨ ᠢ ᠬᠦᠮᠦᠵᠢᠭᠦᠯᠬᠦ ᠬᠡᠷᠡᠭᠴᠡᠭᠡ ᠲᠡᠢ ᠨᠢᠭᠡᠨᠲᠡ ᠵᠤᠬᠢᠴᠠᠯᠳᠤᠬᠤ ᠦᠭᠡᠢ ᠪᠤᠯᠪᠠ᠃ ᠳᠡᠭᠡᠳᠦ ᠰᠤᠷᠭᠠᠭᠤᠯᠢ ᠶᠢᠨ ᠪᠡᠶ᠎ᠡ ᠲᠠᠮᠢᠷ ᠤᠨ ᠵᠢᠭᠠᠨ ᠰᠤᠷᠭᠠᠯᠲᠠ ᠨᠢ ᠳᠡᠭᠡᠳᠦ ᠰᠤᠷᠭᠠᠭᠤᠯᠢ ᠶᠢᠨ ᠰᠤᠷᠭᠠᠨ ᠬᠦᠮᠦᠵᠢᠯ ᠦᠨ ᠴᠢᠬᠤᠯᠠ ᠪᠦᠷᠢᠯᠳᠦᠭᠦᠨ ᠪᠤᠯᠤᠭᠰᠠᠨ ᠤ ᠬᠤᠪᠢ ᠳᠤ᠂ ᠳᠡᠭᠡᠳᠦ ᠰᠤᠷᠭᠠᠭᠤᠯᠢ ᠶᠢᠨ ᠪᠡᠶ᠎ᠡ ᠲᠠᠮᠢᠷ ᠤᠨ ᠵᠢᠭᠠᠨ ᠰᠤᠷᠭᠠᠯᠲᠠ ᠶᠢ ᠦᠭᠡᠷᠡᠴᠢᠯᠡᠬᠦ ᠪᠡ ᠰᠢᠨᠡᠴᠢᠯᠡᠬᠦ ᠴᠢᠬᠤᠯᠠ ᠲᠠᠢ ᠪᠤᠯᠤᠭᠰᠠ ᠪᠠᠢ᠌ᠨ᠎ᠠ᠃ ᠳᠡᠭᠡᠳᠦ ᠰᠤᠷᠭᠠᠭᠤᠯᠢ ᠶᠢᠨ ᠪᠡᠶ᠎ᠡ ᠲᠠᠮᠢᠷ ᠤᠨ ᠪᠠᠭᠰᠢ ᠡᠷᠬᠡᠪᠰᠢ ᠪᠡᠶ᠎ᠡ ᠲᠠᠮᠢᠷ ᠤᠨ ᠵᠢᠭᠠᠨ ᠰᠤᠷᠭᠠᠬᠤ ᠬᠠᠷᠠᠯᠲᠠ ᠪᠠᠨ 《ᠪᠡᠶ᠎ᠡ ᠮᠠᠬᠠᠪᠤᠳ ᠢ ᠴᠢᠭᠢᠷᠠᠭᠵᠢᠭᠤᠯᠬᠤ ᠳᠤ ᠮᠡᠷᠭᠡᠵᠢᠯ ᠢᠶᠡᠷ ᠭᠤᠤᠯ ᠪᠤᠯᠭᠠᠬᠤ》᠋ ᠠᠴᠠ 《ᠡᠷᠡᠭᠦᠯ ᠴᠢᠭᠢᠷᠠᠭ ᠨᠢᠭᠡᠳᠦᠭᠡᠷ》ᠭᠡᠬᠦ ᠣᠨᠣᠯ ᠤᠨ ᠳᠠᠪᠰᠢᠯᠲᠠ ᠳᠤ ᠬᠦᠷᠬᠦ ᠶᠢ ᠣᠢ᠌ᠯᠠᠭᠠᠬᠤ ᠮᠦᠷᠲᠡᠭᠡᠨ ᠳᠡᠭᠡᠳᠦ ᠰᠤᠷᠭᠠᠭᠤᠯᠢ ᠶᠢᠨ ᠦᠪᠡᠷ ᠦᠨ ᠪᠡᠶ᠎ᠡ ᠶᠢᠨ ᠣᠨᠴᠠᠯᠢᠭ ᠪᠠ ᠰᠤᠷᠤᠭᠴᠢᠳ ᠤᠨ ᠬᠡᠪ ᠴᠢᠨᠠᠷ ᠤᠨ ᠬᠦᠭ᠍ᠵᠢᠯᠲᠡ ᠶᠢᠨ ᠬᠡᠷᠡᠭᠴᠡᠭᠡ ᠶᠢ ᠦᠨᠳᠦᠰᠦᠯᠡᠨ᠂ ᠪᠡᠶ᠎ᠡ ᠲᠠᠮᠢᠷ ᠤᠨ ᠰᠤᠷᠭᠠᠨ ᠬᠦᠮᠦᠵᠢᠯ ᠢ ᠪᠦᠬᠦ ᠲᠠᠯ᠎ᠠ ᠪᠠᠷ ᠦᠭᠡᠷᠡᠴᠢᠯᠡᠨ ᠰᠢᠨᠡᠴᠢᠯᠡᠵᠦ᠂ ᠴᠠᠭ ᠦᠶ᠎ᠡ ᠲᠡᠢ ᠬᠠᠮᠲᠤ ᠳᠤ ᠪᠠᠨ ᠤᠷᠤᠭᠰᠢᠯᠠᠵᠤ᠂ ᠪᠡᠶ᠎ᠡ ᠲᠠᠮᠢᠷ ᠤᠨ ᠵᠢᠭᠠᠨ ᠰᠤᠷᠭᠠᠬᠤ ᠦᠢᠯᠡᠳᠦᠯᠭᠡ ᠶᠢᠨ ᠲᠤᠷᠰᠢᠯᠭ᠎ᠠ ᠪᠠᠨ ᠲᠠᠰᠤᠷᠠᠯᠲᠠ ᠦᠭᠡᠢ ᠳ᠋ᠦᠩᠨᠡᠵᠦ᠂ ᠮᠠᠨ ᠤ ᠤᠯᠤᠰ ᠤᠨ ᠳᠡᠭᠡᠳᠦ ᠰᠤᠷᠭᠠᠭᠤᠯᠢ ᠶᠢᠨ ᠪᠡᠶ᠎ᠡ ᠲᠠᠮᠢᠷ ᠤᠨ ᠵᠢᠭᠠᠨ ᠰᠤᠷᠭᠠᠯᠲᠠ ᠶᠢ ᠤᠯᠠᠮ ᠰᠢᠨᠵᠢᠯᠡᠬᠦ ᠤᠬᠠᠭᠠᠨᠴᠢᠯᠠᠭᠰᠠᠨ ᠴᠢᠭᠯᠡᠯ ᠦᠭᠡᠳᠡ ᠬᠦᠭ᠍ᠵᠢᠬᠦ ᠶᠢ ᠲᠦᠯᠬᠢᠨ ᠠᠭᠢᠭᠤᠯᠤᠨ᠎ᠠ᠃
Original Literature View Original Paper
出自 内蒙古民族大学学报(自然科学) 2012年 第1期

联系我们


内蒙古大学图书馆
呼和浩特市大学西路235号
中国·内蒙古
P: (0471) 4992561
E: huangfeilong@imu.edu.cn