Paper Information


Title ᠬᠤᠷᠴᠢᠨ ᠠᠷᠠᠳ ᠤᠨ ᠲᠠᠭᠤᠤ ᠳ᠋ᠡᠬᠢ ᠪᠦᠭᠡ ᠶᠢᠨ ᠱᠠᠰᠢᠨ ᠤ ᠰᠤᠶᠤᠯ ᠤᠨ ᠨᠦᠯᠦᠭᠡ ᠲᠤᠰᠬᠠᠯ ᠢ ᠰᠢᠨᠵᠢᠯᠡᠬᠦ ᠨᠢ
Creator ᠲᠤᠤ ᠰᠢᠤ ᠵᠸᠨ
Keyword ᠬᠤᠷᠴᠢᠨ; ᠬᠤᠷᠴᠢᠨ ᠠᠷᠠᠳ ᠤᠨ ᠲᠠᠭᠤᠤ; ᠪᠦᠭᠡ ᠶᠢᠨ ᠱᠠᠰᠢᠨ
Abstract ᠪᠦᠭᠡ ᠮᠦᠷᠭᠦᠯ ᠪᠤᠯ ᠮᠤᠩᠭ᠋ᠤᠯᠴᠤᠳ ᠤᠨ ᠲᠦᠷᠦᠮᠡᠯ ᠱᠠᠰᠢᠨ ᠪᠠᠢ᠋ᠵᠦ᠂ ᠮᠤᠩᠭ᠋ᠤᠯᠴᠤᠳ ᠤᠨ ᠤᠵᠤᠭᠤᠷ ᠰᠢᠳᠤᠯᠭᠡ ᠪᠤᠯᠬᠤ ᠶᠤᠮ᠃ ᠲᠡᠷᠡ ᠨᠢ ᠮᠤᠩᠭ᠋ᠤᠯ ᠤᠨ ᠤᠳᠤᠮᠰᠢᠯᠳᠤ ᠰᠤᠶᠤᠯ ᠤᠨ ᠬᠤᠪᠢ ᠳᠤ ᠮᠤᠩᠭ᠋ᠤᠯᠴᠤᠳ ᠤᠨ ᠰᠤᠶᠤᠯ ᠢᠷᠭᠡᠨᠰᠢᠯ᠂ ᠠᠵᠦ ᠠᠮᠢᠳᠤᠷᠠᠯ ᠤᠨ ᠰᠠᠯᠤᠰᠢ ᠦᠬᠡᠢ ᠨᠢᠭᠡ ᠪᠦᠷᠢᠯᠳᠤᠬᠦᠨ ᠪᠤᠯᠤᠭᠰᠠᠨ ᠶᠤᠮ᠃ ᠪᠦᠭᠡ ᠶᠢᠨ ᠱᠠᠰᠢᠨ ᠤ ᠰᠤᠶᠤᠯ ᠨᠢ ᠬᠤᠷᠴᠢᠨ ᠠᠷᠠᠳ ᠤᠨ ᠲᠠᠭᠤᠤ ᠶᠢᠨ ᠡᠬᠦᠰᠤᠯ ᠪᠦᠷᠢᠯᠳᠤᠯ᠂ ᠦᠵᠡᠯ ᠰᠡᠳᠬᠢᠯᠭᠡᠨ ᠢ ᠨᠦᠯᠦᠬᠡᠯᠡᠭᠰᠡᠨ ᠶᠢᠡᠷ ᠦᠯᠦ ᠪᠠᠷᠠᠨ ᠬᠤᠷᠴᠢᠨ ᠠᠷᠠᠳ ᠤᠨ ᠲᠠᠭᠤᠤ ᠶᠢᠨ ᠠᠭᠤᠯᠭ᠎ᠠ ᠬᠡᠯᠪᠡᠷᠢ ᠵᠢ ᠶᠡᠭᠡᠭᠡᠨ ᠪᠠᠶᠠᠯᠢᠭᠵᠢᠭᠤᠯᠵᠡᠢ᠃ ᠪᠦᠭᠡ ᠶᠢᠨ ᠱᠠᠰᠢᠨ ᠤ ᠬᠤᠷᠴᠢᠨ ᠠᠷᠠᠳ ᠤᠨ ᠲᠠᠭᠤᠤ ᠶᠢᠨ ᠡᠬᠦᠰᠤᠯ ᠬᠦᠭ᠍ᠵᠢᠯ ᠪᠠ ᠠᠭᠤᠯᠭ᠎ᠠ ᠰᠡᠳᠤᠪ ᠲᠤ ᠦᠵᠡᠬᠦᠯᠦᠭᠰᠡᠨ ᠨᠦᠯᠦᠭᠡ ᠦᠢᠯᠡᠳᠤᠯ ᠨᠢ ᠬᠤᠷᠴᠢᠨ ᠠᠷᠠᠳ ᠤᠨ ᠲᠠᠭᠤᠤ ᠳᠤ ᠢᠯᠡᠷᠡᠭᠰᠡᠨ ᠬᠦᠮᠦᠰ ᠤᠨ ᠦᠭᠡ ᠶᠠᠷᠢᠶ᠎ᠠ᠂ ᠪᠤᠳᠤᠯ ᠰᠡᠳᠬᠢᠯ ᠳᠤ ᠢᠯᠡᠷᠡᠵᠦ ᠪᠠᠢ᠋ᠳᠠᠭ᠃ ᠬᠤᠷᠴᠢᠨ ᠠᠷᠠᠳ ᠤᠨ ᠲᠠᠭᠤᠤ ᠵᠢ ᠵᠤᠬᠢᠶᠠᠵᠤ ᠲᠠᠭᠤᠯᠠᠵᠦ ᠶᠠᠪᠤᠭᠰᠠᠨ ᠲᠡᠳᠡᠭᠡᠷ ᠪᠦᠭᠡ ᠯᠠᠢ᠋ᠴᠢᠩ᠂ ᠯᠡᠮᠠ ᠬᠤᠸᠠᠷᠠᠭ ᠨᠠᠷ ᠤᠨ ᠭᠠᠪᠢᠶ᠎ᠠ ᠵᠢᠳᠬᠦᠯ ᠢ ᠦᠨᠡᠯᠡᠨ ᠲᠡᠮᠳᠡᠭᠯᠡᠬᠦ ᠶᠤᠰᠤᠳᠡᠢ᠃
Original Literature View Original Paper
出自 中国蒙古学 2016年 第6期

联系我们


内蒙古大学图书馆
呼和浩特市大学西路235号
中国·内蒙古
P: (0471) 4992561
E: huangfeilong@imu.edu.cn