Paper Information


Title ᠬᠦᠮᠦᠨ ᠦ ᠨᠡᠷ᠎ᠡ ᠶᠢ ᠬᠦᠨᠳᠡᠨ ᠰᠢᠨᠵᠢᠯᠡᠬᠦ ᠳᠦ ᠲᠤᠬᠢᠶᠠᠯᠳᠤᠭᠰᠠᠨ ᠠᠰᠠᠭᠤᠳᠠᠯ ᠤᠳ ᠤᠨ ᠲᠤᠬᠠᠢ — ᠮᠣᠩᠭᠤᠯ ᠴᠡᠴᠡᠷᠯᠢᠭ ᠦᠨ ᠬᠡᠦᠬᠡᠳ ᠦᠨ ᠨᠡᠷᠡᠰ ᠦᠨ ᠵᠢᠱᠢᠶᠡᠨ ᠳᠡᠭᠡᠷ᠎ᠡ
Creator ᠡᠷᠳᠡᠨᠢᠲᠠᠨ᠎ᠠ
Keyword ᠮᠣᠩᠭᠤᠯ ᠬᠦᠮᠦᠨ ᠦ ᠨᠡᠷ᠎ᠡ; ᠣᠷᠤᠰᠢᠵᠤ ᠪᠠᠢᠭ᠎ᠠ ᠠᠰᠠᠭᠤᠳᠠᠯ; ᠳᠦᠷᠢᠮᠵᠢᠯ
Abstract ᠦᠩᠭᠡᠷᠡᠭᠰᠡᠨ ᠳᠦ ᠮᠣᠩᠭᠤᠯᠴᠤᠳ ᠤᠨ ᠨᠡᠷ᠎ᠡ ᠶᠢᠨ ᠲᠤᠬᠠᠢ ᠰᠤᠳᠤᠯᠭᠠᠨ ᠨᠢ ᠨᠡᠢᠲᠡ ᠮᠣᠩᠭᠤᠯᠴᠤᠳ ᠤᠨ ᠨᠡᠷ᠎ᠡ ᠦᠭᠬᠦ ᠵᠠᠩᠰᠢᠯ᠂ ᠮᠣᠩᠭᠤᠯ ᠬᠦᠮᠦᠨ ᠦ ᠨᠡᠷ᠎ᠡ ᠶᠢᠨ ᠢᠷᠡᠯ ᠭᠠᠷᠤᠯ᠂ ᠤᠳᠬ᠎ᠠ᠂ ᠪᠦᠲᠦᠴᠡ ᠪᠦᠷᠢᠯᠳᠦᠭᠦᠨ ᠵᠡᠷᠭᠡ ᠶᠢ ᠬᠠᠮᠤᠷᠴᠤ ᠪᠠᠢᠪᠠ᠃ ᠬᠠᠷᠢᠨ ᠮᠣᠩᠭᠤᠯ ᠬᠦᠮᠦᠨ ᠦ ᠨᠡᠷ᠎ᠡ ᠳᠠᠪᠬᠤᠷᠳᠠᠵᠤ ᠪᠠᠢᠭ᠎ᠠ ᠪᠠᠢᠳᠠᠯ᠂ ᠬᠢᠲᠠᠳ ᠢᠶᠠᠷ ᠠᠪᠢᠶᠠᠴᠢᠯᠠᠨ ᠲᠡᠮᠳᠡᠭᠯᠡᠬᠦ ᠳᠦ ᠣᠷᠤᠰᠢᠵᠤ ᠪᠠᠢᠭ᠎ᠠ ᠠᠰᠠᠭᠤᠳᠠᠯ᠂ 《ᠬᠢᠲᠠᠳ ᠮᠠᠶᠢᠭ ᠤᠨ ᠣᠪᠤᠭ + ᠮᠣᠩᠭᠤᠯ ᠨᠡᠷ᠎ᠡ》 ᠪᠦᠲᠦᠴᠡᠲᠦ ᠨᠡᠷ᠎ᠡ ᠵᠡᠷᠭᠡ ᠳᠦ ᠠᠩᠬᠠᠷᠤᠯ ᠢᠶᠠᠨ ᠬᠠᠨᠳᠤᠭᠤᠯᠤᠭᠰᠠᠨ ᠦᠭᠦᠯᠡᠯ ᠵᠤᠬᠢᠶᠠᠯ ᠦᠨᠳᠦᠰᠦᠨ ᠳᠡᠭᠡᠨ ᠬᠠᠷᠠᠭᠳᠠᠬᠤ ᠦᠭᠡᠢ ᠪᠠᠢᠨ᠎ᠠ᠃ ᠡᠨᠡ ᠪᠠᠢᠳᠠᠯ ᠳᠤ ᠴᠢᠭᠯᠡᠭᠦᠯᠵᠦ ᠪᠢᠳᠡ ᠮᠣᠩᠭᠤᠯ ᠬᠡᠦᠬᠡᠳ ᠦᠨ ᠴᠡᠴᠡᠷᠯᠢᠭ ᠦᠨ 616 ᠬᠡᠦᠬᠡᠳ ᠦᠨ ᠨᠡᠷ᠎ᠡ ᠶᠢ ᠴᠤᠭᠯᠠᠭᠤᠯᠤᠨ ᠰᠤᠳᠤᠯᠭᠠᠨ ᠤ ᠡᠬᠡ ᠮᠠᠲ᠋ᠧᠷᠢᠶᠠᠯ ᠪᠤᠯᠭᠠᠵᠤ ᠰᠢᠨᠵᠢᠯᠡᠭᠡ ᠬᠢᠪᠡ᠃ ᠮᠣᠩᠭᠤᠯ ᠬᠡᠦᠬᠡᠳ ᠦᠨ ᠨᠡᠷ᠎ᠡ ᠶᠢᠨᠣ ᠳᠣᠬᠢ ᠪᠠᠢᠳᠠᠯ ᠠᠴᠠ ᠦᠵᠡᠬᠦ ᠳᠦ ᠮᠣᠩᠭᠤᠯ ᠨᠡᠷ᠎ᠡ ᠶᠢ ᠬᠢᠲᠠᠳ ᠢᠶᠠᠷ ᠭᠠᠯᠢᠭᠯᠠᠨ ᠲᠡᠮᠳᠡᠭᠯᠡᠬᠦ᠂ ᠬᠤᠶᠠᠷ ᠦᠭᠡ ᠶᠢ ᠬᠤᠭᠤᠷᠤᠨᠳᠤ ᠨᠢ ᠳᠠᠭᠠᠪᠤᠷᠢ ᠪᠠᠷ ᠬᠤᠯᠪᠤᠵᠤ ᠪᠦᠲᠦᠭᠡᠭᠰᠡᠨ ᠨᠡᠷ᠎ᠡ ᠶᠢ ᠪᠢᠴᠢᠬᠦ ᠵᠡᠷᠭᠡ ᠳᠦ ᠳᠦᠷᠢᠮᠵᠢᠯ ᠬᠡᠷᠡᠭᠲᠡᠢ ᠡᠰᠡᠭᠦ ᠶᠢ ᠡᠷᠳᠡᠮᠲᠡᠳ ᠶᠠᠷᠢᠯᠴᠠᠨ ᠰᠢᠢᠳᠬᠦ ᠱᠠᠭᠠᠷᠳᠠᠯᠭ᠎ᠠ ᠭᠠᠷᠴᠤ ᠪᠤᠢ᠃
Original Literature View Original Paper
出自 中国蒙古学 2016年 第2期

联系我们


内蒙古大学图书馆
呼和浩特市大学西路235号
中国·内蒙古
P: (0471) 4992561
E: huangfeilong@imu.edu.cn