Paper Information


Title ᠬᠡᠪ ᠴᠢᠨᠠᠷ ᠤᠨ ᠰᠤᠷᠭᠠᠨ ᠬᠦᠮᠦᠵᠢᠯ ᠦᠨ ᠣᠳᠣᠬᠢ ᠪᠠᠢᠳᠠᠯ ᠤᠨ ᠲᠤᠬᠠᠢ ᠠᠵᠢᠭᠯᠠᠯᠲᠠ
Creator ᠪᠤᠤ ᠮᠠᠨᠳᠤᠯ᠎ᠠ; ᠬᠠᠨ ᠶᠢᠨ ᠰᠢᠶᠤᠤ
Keyword ᠳᠡᠭᠡᠳᠦ ᠵᠡᠷᠭᠡ ᠶᠢᠨ ᠰᠤᠷᠭᠠᠨ ᠬᠦᠮᠦᠵᠢᠯ; ᠬᠡᠪ ᠴᠢᠨᠠᠷ ᠦᠨ ᠰᠤᠷᠭᠠᠨ ᠬᠦᠮᠦᠵᠢᠯ; ᠣᠳᠣᠬᠢ ᠪᠠᠢᠳᠠᠯ
Abstract ᠬᠡᠪ ᠴᠢᠨᠠᠷ ᠤᠨ ᠰᠤᠷᠭᠠᠨ ᠬᠦᠮᠦᠵᠢᠯ ᠢ ᠬᠡᠷᠡᠭᠵᠢᠭᠦᠯᠬᠦ ᠪᠤᠯ ᠮᠠᠨ ᠤ ᠤᠯᠤᠰ ᠤᠨ ᠰᠤᠷᠭᠠᠨ ᠬᠦᠮᠦᠵᠢᠯ ᠦᠨ ᠦᠢᠯᠡᠰ ᠦᠨ ᠨᠢᠭᠡᠨ ᠤᠳᠠᠭᠠᠨ ᠤ ᠭᠦᠨᠵᠡᠭᠡᠢ ᠰᠢᠨᠡᠴᠢᠯᠡᠯᠲᠡ ᠪᠤᠯᠤᠨ᠎ᠠ᠃ ᠣᠷᠴᠢᠮ ᠤᠨ ᠵᠢᠯ ᠦᠳ ᠲᠦ᠂ ᠬᠡᠪ ᠴᠢᠨᠠᠷ ᠤᠨ ᠰᠤᠷᠭᠠᠨ ᠬᠦᠮᠦᠵᠢᠯ ᠨᠢ ᠡᠯ᠎ᠡ ᠱᠠᠲᠤᠨ ᠤ ᠰᠤᠷᠭᠠᠭᠤᠯᠢ ᠨᠤᠭᠤᠳ ᠲᠤ ᠪᠦᠬᠦ ᠲᠠᠯ᠎ᠠ ᠪᠠᠷ ᠡᠷᠴᠢᠮᠲᠡᠢ ᠶᠠᠪᠤᠭᠳᠠᠵᠤ ᠪᠠᠢᠨ᠎ᠠ᠃ ᠳᠡᠭᠡᠳᠦ ᠵᠡᠷᠭᠡ ᠶᠢᠨ ᠰᠤᠷᠭᠠᠨ ᠬᠦᠮᠦᠵᠢᠯ ᠦᠨ ᠬᠦᠷᠢᠶᠡᠨ ᠳᠡᠬᠢ ᠲᠤᠰᠬᠠᠢ ᠮᠡᠷᠭᠡᠵᠢᠯ ᠦᠨ ᠪᠠᠢᠭᠤᠯᠤᠮᠵᠢ ᠳᠤ ᠰᠢᠨ᠎ᠡ ᠲᠤᠬᠢᠷᠠᠭᠤᠯᠤᠯᠲᠠ ᠬᠢᠵᠦ᠂ ᠲᠤᠰᠬᠠᠢ ᠮᠡᠷᠭᠡᠵᠢᠯ ᠦᠨ ᠵᠤᠬᠢᠴᠠᠯᠳᠤᠬᠤ ᠴᠢᠨᠠᠷ ᠢ ᠴᠢᠩᠭᠠᠳᠬᠠᠨ᠂ ᠰᠤᠶᠤᠯ ᠤᠨ ᠬᠡᠪ ᠴᠢᠨᠠᠷ ᠤᠨ ᠬᠦᠮᠦᠵᠢᠯ ᠢ ᠴᠢᠩᠭᠠᠳᠬᠠᠵᠤ᠂ ᠬᠦᠮᠦᠨ ᠰᠤᠶᠤᠯ ᠤᠨ ᠬᠡᠪ ᠴᠢᠨᠠᠷ ᠤᠨ ᠬᠤᠷᠠᠮᠳᠤᠭᠤᠯᠭ᠎ᠠ ᠶᠢ ᠪᠠᠶᠠᠯᠢᠭᠵᠢᠭᠤᠯᠤᠨ᠂ ᠵᠢᠭᠠᠨ ᠰᠤᠷᠭᠠᠬᠤ ᠠᠭᠤᠯᠭ᠎ᠠ ᠪᠠ ᠬᠢᠴᠢᠶᠡᠯ ᠬᠦᠮᠦᠵᠢᠯ ᠦᠨ ᠪᠦᠲᠦᠴᠡ ᠳᠦ ᠦᠭᠡᠷᠡᠴᠢᠯᠡᠯᠲᠡ ᠬᠢᠵᠦ᠂ ᠳᠡᠭᠡᠳᠦ ᠰᠤᠷᠭᠠᠭᠤᠯᠢ ᠶᠢᠨ ᠬᠡᠪ ᠴᠢᠨᠠᠷ ᠤᠨ ᠰᠤᠷᠭᠠᠨ ᠬᠦᠮᠦᠵᠢᠯ ᠦᠨ ᠠᠷᠭ᠎ᠠ ᠬᠡᠯᠪᠡᠷᠢ ᠪᠡ ᠰᠢᠰᠲ᠋ᠧᠮ ᠪᠤᠯᠤᠨ ᠪᠦᠲᠦᠬᠡᠨ ᠪᠠᠢᠭᠤᠯᠤᠭᠳᠠᠵᠤ ᠪᠠᠢᠭ᠎ᠠ ᠪᠠᠢᠳᠠᠯ ᠵᠡᠷᠭᠡ ᠶᠢ ᠬᠤᠷᠢᠶᠠᠩᠭᠤᠢᠯᠠᠨ ᠦᠭᠦᠯᠡᠪᠡ᠃
Original Literature No Original Paper
出自 内蒙古民族大学学报(社会科学) 2003年 第4期

联系我们


内蒙古大学图书馆
呼和浩特市大学西路235号
中国·内蒙古
P: (0471) 4992561
E: huangfeilong@imu.edu.cn