Title |
ᠮᠠᠨ ᠤ ᠣᠷᠤᠨ ᠤ ᠦᠨᠳᠦᠰᠦᠲᠡᠨ ᠦ ᠰᠠᠭᠤᠷᠢ ᠰᠤᠷᠭᠠᠨ ᠬᠦᠮᠦᠵᠢᠯ ᠦᠨ ᠬᠦᠭ᠍ᠵᠢᠯᠲᠡ ᠶᠢᠨ ᠲᠤᠬᠠᠢ ᠪᠠᠢ᠌ᠴᠠᠭᠠᠨ ᠰᠤᠳᠤᠯᠤᠯᠲᠠ |
Creator |
ᠬᠡᠰᠢᠭ᠍ᠵᠢᠶᠠᠭᠠ |
Keyword |
ᠴᠦᠬᠡᠨ ᠲᠤᠭᠠᠲᠤ ᠦᠨᠳᠦᠰᠦᠲᠡᠨ; ᠰᠠᠭᠤᠷᠢ ᠰᠤᠷᠭᠠᠨ ᠬᠦᠮᠦᠵᠢᠯ; ᠪᠠᠢ᠌ᠴᠠᠭᠠᠨ ᠰᠤᠳᠤᠯᠤᠯᠲᠠ |
Abstract |
ᠲᠤᠰ ᠦᠭᠦᠯᠡᠯ ᠳᠦ ᠮᠠᠨ ᠤ ᠣᠷᠤᠨ ᠤ ᠦᠨᠳᠦᠰᠦᠲᠡᠨ ᠦ ᠰᠤᠷᠭᠠᠨ ᠬᠦᠮᠦᠵᠢᠯ ᠦᠨ ᠬᠦᠭ᠍ᠵᠢᠯᠲᠡ ᠶᠢᠨ ᠲᠡᠦᠬᠡᠨ ᠤᠯᠠ ᠮᠦᠷ ᠵᠢᠴᠢ ᠪᠤᠳᠠᠲᠤ ᠪᠠᠢ᠌ᠳᠠᠯ᠂ ᠣᠨᠴᠠᠭᠠᠢ᠌ᠯᠠᠨ ᠦᠨᠳᠦᠰᠦᠲᠡᠨ ᠦ ᠰᠠᠭᠤᠷᠢ ᠰᠤᠷᠭᠠᠨ ᠬᠦᠮᠦᠵᠢᠯ ᠦᠨ ᠣᠷᠴᠢᠮ ᠤᠨ ᠬᠤᠷᠢ ᠭᠠᠷᠤᠢ ᠵᠢᠯ ᠦᠨ ᠳᠤᠲᠤᠷ᠎ᠠ ᠣᠯᠣᠭᠰᠠᠨ ᠠᠮᠵᠢᠯᠲᠠ᠂ ᠬᠤᠷᠠᠮᠳᠤᠭᠤᠯᠤᠭᠰᠠᠨ ᠲᠤᠷᠰᠢᠯᠭ᠎ᠠ᠂ ᠪᠠᠢ᠌ᠴᠠᠭᠠᠯᠲᠠ ᠬᠢᠬᠦ ᠶᠠᠪᠤᠴᠠ ᠳᠠᠭᠠᠨ ᠣᠯᠵᠤ ᠬᠠᠷᠠᠭᠰᠠᠨ ᠣᠷᠤᠰᠢᠵᠤ ᠪᠠᠢ᠌ᠭ᠎ᠠ ᠪᠤᠳᠠᠲᠤ ᠠᠰᠠᠭᠤᠳᠠᠯ ᠤᠳ ᠵᠢᠴᠢ ᠬᠤᠢ᠌ᠰᠢᠲᠠ ᠦᠨᠳᠦᠰᠦᠲᠡᠨ ᠦ ᠰᠤᠷᠭ᠎ᠠ ᠬᠦᠮᠦᠵᠢᠯ ᠦᠨ ᠦᠢᠯᠡᠰ ᠢ ᠬᠡᠷᠬᠢᠨ ᠬᠦᠭ᠍ᠵᠢᠭᠦᠯᠬᠦ ᠲᠤᠬᠠᠢ ᠬᠤᠷᠸᠠᠴᠢ ᠪᠤᠳᠤᠯᠬᠢᠯᠠᠯ ᠵᠡᠷᠭᠡ ᠭᠤᠷᠪᠠᠨ ᠲᠠᠯ᠎ᠠ ᠶᠢᠨ ᠠᠭᠤᠯᠭ᠎ᠠ ᠶᠢ ᠪᠠᠭᠲᠠᠭᠠᠪᠠ᠃ ᠦᠭᠦᠯᠡᠯ ᠳᠡᠭᠡᠨ ᠪᠤᠳᠠᠲᠠᠢ ᠮᠠᠲ᠋ᠧᠷᠢᠶᠠᠯ ᠢ ᠠᠰᠢᠭᠯᠠᠵᠤ ᠮᠠᠨ ᠤ ᠣᠷᠤᠨ ᠤ ᠦᠨᠳᠦᠰᠦᠲᠡᠨ ᠦ ᠰᠠᠭᠤᠷᠢ ᠰᠤᠷᠭᠠᠨ ᠬᠦᠮᠦᠵᠢᠯ ᠦᠨ ᠣᠳᠣᠬᠢ ᠪᠠᠢ᠌ᠳᠠᠯ᠂ ᠣᠷᠤᠰᠢᠵᠤ ᠪᠠᠢ᠌ᠭ᠎ᠠ ᠪᠤᠳᠠᠲᠤ ᠠᠰᠠᠭᠤᠳᠠᠯ ᠪᠤᠯᠤᠨ ᠬᠦᠴᠢᠷᠳᠡᠯ ᠳᠦ ᠭᠦᠨᠵᠡᠭᠡᠢ ᠵᠠᠳᠠᠯᠤᠯᠲᠠ ᠬᠢᠬᠦ ᠳᠡᠭᠡᠨ ᠦᠨᠡᠨ ᠡᠴᠡ ᠵᠦᠪ ᠢ ᠡᠷᠢᠬᠦ ᠵᠠᠷᠴᠢᠮ ᠢ ᠪᠠᠷᠢᠮᠲᠠᠯᠠᠨ ᠠᠯᠢ ᠣᠯᠠᠨ ᠰᠡᠳᠬᠢᠭ᠍ᠳᠡᠯ ᠢᠶᠡᠨ ᠢᠲᠡᠭᠡᠮᠵᠢ ᠨᠠᠢ᠌ᠳᠠᠪᠤᠷᠢᠲᠠᠢ ᠪᠠᠷ ᠤᠩᠰᠢᠭᠴᠢᠳ ᠲᠠᠭᠠᠨ ᠳᠡᠯᠭᠡᠬᠦ ᠶᠢ ᠬᠢᠴᠢᠶᠡᠪᠡ᠃ |
Original Literature |
View Original Paper
|
出自 |
蒙古学研究
2005年
第2期
|