Title |
ᠮᠣᠩᠭᠤᠯ ᠤᠯᠤᠰ ᠤᠨ ᠤᠶᠤᠲᠠᠳ ᠲᠤ ᠭᠠᠵᠠᠷ ᠵᠦᠢ ᠶᠢᠨ ᠰᠤᠷᠭᠠᠨ ᠬᠦᠮᠦᠵᠢᠯ ᠡᠷᠬᠢᠯᠡᠬᠦ ᠲᠤᠬᠠᠢ ᠦᠭᠦᠯᠡᠬᠦ ᠨᠢ |
Creator |
ᠴᠦᠨ ᠰᠢ; ᠤᠶᠤᠨ |
Keyword |
ᠮᠣᠩᠭᠤᠯ ᠤᠯᠤᠰ ᠤᠨ ᠤᠶᠤᠲᠠᠳ; ᠭᠠᠵᠠᠷ ᠵᠦᠢ ᠶᠢᠨ ᠤᠬᠠᠭᠠᠨ; ᠭᠠᠵᠠᠷ ᠵᠦᠢ ᠶᠢᠨ ᠬᠢᠴᠢᠶᠡᠯ ᠬᠦᠮᠦᠵᠢᠯ |
Abstract |
ᠮᠣᠩᠭᠤᠯ ᠤᠯᠤᠰ ᠤᠨ ᠤᠶᠤᠲᠠᠳ ᠳᠤᠮᠳᠠᠳᠤ ᠤᠯᠤᠰ ᠲᠤ ᠢᠷᠡᠨ ᠰᠤᠷᠤᠯᠴᠠᠬᠤ ᠳᠤ ᠦᠭᠡ ᠬᠡᠯᠡ ᠦᠰᠦᠭ ᠪᠢᠴᠢᠭ ᠦᠨ ᠬᠠᠷᠰᠢ ᠰᠠᠭᠠᠳ ᠪᠠᠢᠬᠤ ᠠᠴᠠ ᠭᠠᠳᠠᠨ᠎ᠠ᠂ ᠰᠤᠶᠤᠯ ᠤᠨ ᠦᠪ ᠬᠦᠷᠦᠩᠭᠡ ᠶᠢᠨ ᠣᠨᠳᠤᠤᠰᠢᠯ᠂ ᠠᠮᠢᠳᠤᠷᠠᠯ ᠤᠨ ᠵᠠᠩ ᠳᠠᠳᠬᠠᠯ ᠤᠨ ᠵᠦᠷᠢᠶ᠎ᠡ ᠵᠢᠴᠢ ᠬᠢᠴᠢᠶᠡᠯ ᠬᠦᠮᠦᠵᠢᠯ ᠦᠨ ᠣᠷᠴᠢᠨ ᠲᠤᠭᠤᠷᠢᠨ ᠳᠤ ᠵᠤᠬᠢᠯᠳᠠᠬᠤ ᠦᠭᠡᠢ ᠵᠡᠷᠭᠡ ᠣᠯᠠᠨ ᠵᠤᠢᠯ ᠤᠨ ᠠᠰᠠᠭᠤᠳᠠᠯ ᠣᠷᠤᠰᠢᠵᠤ ᠪᠠᠢᠨ᠎ᠠ᠃ ᠡᠳᠡᠭᠡᠷ ᠠᠰᠠᠭᠤᠳᠠᠯ ᠳᠤ ᠴᠢᠭᠯᠡᠭᠦᠯᠦᠨ᠂ ᠵᠤᠬᠢᠰᠲᠠᠢ ᠠᠷᠭ᠎ᠠ ᠠᠪᠴᠢᠯ ᠠᠪᠴᠤ᠂ ᠬᠢᠴᠢᠶᠡᠯ ᠬᠦᠮᠦᠵᠢᠯ ᠦᠨ ᠦᠷ᠎ᠡ ᠪᠦᠲᠦᠮᠵᠢ ᠶᠢ ᠨᠡᠮᠡᠭᠳᠡᠭᠦᠯᠵᠦ᠂ ᠤᠶᠤᠲᠠᠳ ᠤᠨ ᠶᠡᠷᠦᠩᠬᠡᠶᠢᠯᠡᠭᠰᠡᠨ ᠶᠠᠰᠤ ᠴᠢᠨᠠᠷ ᠢ ᠳᠡᠭᠡᠭᠰᠢᠯᠡᠭᠦᠯᠵᠦ ᠪᠤᠯᠤᠨ᠎ᠠ᠃ |
Original Literature |
No Original Paper
|
出自 |
内蒙古师范大学学报(自然科学蒙古文版)
2012年
第3期
|