Abstract |
ᠮᠣᠩ᠋ᠭᠤᠯ ᠦᠨᠳᠦᠰᠦᠲᠡᠨ ᠦ ᠠᠮᠢᠳᠤᠷᠠᠯ ᠤᠨ ᠤᠯᠠᠮᠵᠢᠯᠠᠯᠲᠤ ᠪᠠᠭᠠᠵᠢ ᠪᠤᠯᠬᠤ ᠪᠢᠯᠠᠭᠤ ᠪᠤᠯ ᠮᠢᠩ᠋ᠭ᠎ᠠ ᠭᠤᠷᠪᠠᠨ ᠵᠠᠭᠤᠨ ᠵᠢᠯ ᠦᠨ ᠡᠮᠦᠨ᠎ᠡ ᠮᠣᠩ᠋ᠭᠤᠯᠴᠤᠳ ᠤᠨ ᠠᠵᠤ ᠠᠮᠢᠳᠤᠷᠠᠯ ᠤᠨ ᠳᠤᠮᠳᠠ ᠨᠡᠢ᠌ᠳᠡᠮ ᠬᠡᠷᠡᠭᠯᠡᠭᠳᠡᠵᠦ ᠪᠠᠢ᠌ᠭᠰᠠᠨ ᠪᠦᠭᠡᠳ ᠳᠠᠢ᠌ᠨ ᠪᠠᠢ᠌᠌ᠯᠳᠤᠭᠠᠨ ᠳᠤ ᠴᠤ ᠵᠡᠪᠰᠡᠭ ᠢᠶᠡᠷ ᠬᠡᠷᠡᠭᠯᠡᠭᠳᠡᠵᠦ ᠪᠠᠢ᠌ᠵᠠᠢ᠃ ᠮᠣᠩ᠋ᠭᠤᠯᠴᠤᠳ ᠤᠨ ᠪᠢᠯᠠᠭᠤ ᠰᠢᠲᠡᠬᠦ ᠬᠦᠳᠡᠯᠭᠡᠭᠡᠨ ᠨᠢ ᠬᠡᠳᠦᠨ ᠮᠢᠩ᠋ᠭᠠᠨ ᠵᠢᠯ ᠤᠨ ᠤᠯᠠᠷᠢᠯᠲᠠ ᠬᠦᠭ᠍ᠵᠢᠯᠲᠡ ᠪᠡᠷ ᠳᠠᠮᠵᠢᠨ 20 ᠋ ᠳᠤᠭᠠᠷ ᠵᠠᠭᠤᠨ ᠤ ᠰᠡᠭᠦᠯᠴᠢ ᠦᠶ᠎ᠡ ᠪᠤᠯᠬᠤ ᠳᠤ ᠤᠳᠤᠮᠰᠢᠯ ᠢᠶᠠᠨ ᠬᠡᠪ ᠢᠶᠡᠨ ᠬᠠᠲᠠᠭᠠᠯᠠᠵᠤ ᠴᠢᠳᠠᠭᠰᠠᠨ ᠪᠤᠯᠪᠠᠴᠤ ᠬᠡᠯᠪᠡᠷᠢ ᠮᠠᠶᠢᠭ ᠪᠠ ᠠᠭᠤᠯᠭ᠎ᠠ ᠶᠢᠨ ᠲᠠᠯ᠎ᠠ ᠪᠠᠷ ᠨᠡᠯᠢᠶᠡᠳ ᠬᠤᠪᠢᠷᠠᠯᠲᠠ ᠭᠠᠷᠤᠭᠰᠠᠨ ᠪᠢ᠌ᠨᠠ᠃ ᠡᠷᠲᠡᠨ ᠦ ᠦᠶ᠎ᠡ ᠶᠢᠨ ᠪᠢᠯᠠᠭᠤ ᠰᠢᠲᠡᠬᠦ ᠬᠦᠳᠡᠯᠭᠡᠭᠡᠨ ᠨᠢ ᠮᠣᠩ᠋ᠭᠤᠯ ᠰᠤᠶᠤᠯ ᠤᠨ ᠬᠠᠷᠢᠴᠠᠭ᠎ᠠ ᠰᠤᠯᠢᠯᠴᠠᠭ᠎ᠠ ᠶᠢᠨ ᠴᠢᠬᠤᠯᠠ ᠦᠢᠯᠡᠳᠦᠯ ᠢ ᠦᠵᠡᠭᠦᠯᠵᠦ ᠪᠠᠢ᠌ᠭᠰᠠᠨ ᠪᠤᠯ ᠦᠨᠦᠳᠦᠷ ᠪᠤᠯᠬᠤ ᠳᠤ ᠲᠡᠷᠡ ᠨᠢ ᠪᠡᠶ᠎ᠡ ᠲᠠᠮᠢᠷ ᠤᠨ ᠬᠤᠪᠢ ᠳᠤ ᠮᠦᠨ ᠴᠦ ᠮᠣᠩ᠋ᠭᠤᠯ ᠦᠨᠳᠦᠰᠦᠲᠡᠨ ᠦ ᠰᠤᠷᠭᠠᠨ ᠬᠦᠮᠦᠵᠢᠯ ᠦᠨ ᠨᠢᠭᠡᠨ ᠪᠦᠷᠢᠯᠳᠦᠭᠦᠨ ᠪᠤᠯᠤᠭᠰᠠᠨ ᠪᠠᠢ᠌ᠨ᠎ᠠ᠃ ᠣᠳᠣ ᠮᠠᠯᠵᠢᠬᠤ ᠣᠷᠤᠨ ᠳᠤ ᠶᠠᠪᠤᠭᠳᠠᠵᠤ ᠪᠠᠢ᠌ᠭ᠎ᠠ ᠨᠠᠭᠠᠳᠤᠮ ᠤᠨ ᠬᠤᠷᠠᠯ ᠤᠨ ᠪᠢᠯᠠᠭᠤ ᠰᠢᠲᠡᠬᠦ ᠨᠢ ᠰᠤᠶᠤᠯ ᠤᠨ ᠬᠠᠷᠢᠴᠠᠭ᠎ᠠ ᠰᠤᠯᠢᠯᠴᠠᠭ᠎ᠠ ᠳᠤ ᠵᠤᠬᠢᠬᠤ ᠠᠭᠢᠭᠤᠯᠤ ᠦᠢᠯᠡᠳᠦᠯ ᠦᠵᠡᠭᠦᠯᠵᠦ ᠪᠠᠢ᠌ᠨ᠎ᠠ᠃ ᠡᠷᠲᠡᠨ ᠦ ᠦᠶ᠎ᠡ ᠶᠢᠨ ᠪᠢᠯᠠᠭᠤ ᠰᠢᠲᠡᠬᠦ ᠬᠦᠳᠡᠯᠭᠡᠭᠡᠨ ᠨᠢ ᠦᠢᠯᠡᠳᠪᠦᠷᠢᠯᠡᠯ ᠪᠤᠯᠤᠨ ᠴᠡᠷᠢᠭ ᠳᠠᠢ᠌ᠨ ᠳᠤ ᠦᠢᠯᠡᠴᠢᠯᠡᠵᠦ᠂ ᠱᠠᠰᠢᠨ ᠰᠢᠲᠦᠯᠭᠡᠳᠤ ᠠᠰᠢᠭᠯᠠᠭᠳᠠᠵᠤ ᠪᠠᠢ᠌ᠭᠰᠠᠨ ᠪᠤᠯ ᠦᠨᠦ ᠬᠠᠷᠢᠨ ᠪᠦᠷᠢᠮᠦᠰᠦᠨ ᠪᠠᠶᠠᠷ ᠴᠡᠩᠭᠡᠯ ᠦᠨ ᠰᠢᠨᠵᠢ ᠴᠢᠨᠠᠷ ᠲᠠᠢ ᠪᠤᠯᠵᠤ ᠠᠷᠠᠳ ᠣᠯᠠᠨ ᠤ ᠦᠯᠵᠡᠢ ᠵᠢᠷᠭᠠᠯ ᠤᠨ ᠪᠡᠯᠭᠡ ᠲᠡᠮᠳᠡᠭ ᠪᠤᠯᠤᠭᠰᠠᠨ ᠪᠠᠢ᠌ᠨ᠎ᠠ᠃ ᠵᠤᠬᠢᠶᠠᠯ ᠳᠤ ᠪᠢᠯᠠᠭᠤ ᠶᠢᠨ ᠢᠷᠡᠯᠲᠡ᠂ ᠲᠦᠷᠦᠯ ᠵᠤᠢ᠌ᠯ᠂ ᠰᠢᠲᠡᠬᠦ ᠠᠷᠭ᠎ᠠ᠂ ᠣᠨᠴᠠᠯᠢᠭ ᠵᠡᠷᠭᠡ ᠠᠭᠤᠯᠭ᠎ᠠ ᠶᠢ ᠶᠠᠷᠢᠬᠤ ᠶᠢᠨ ᠬᠠᠮᠲᠤ ᠰᠤᠳᠤᠯᠤᠨ ᠰᠢᠵᠢᠯᠡᠬᠦ ᠶᠢᠨ ᠠᠴᠢ ᠬᠤᠯᠪᠤᠭᠳᠠᠯ ᠢ ᠬᠡᠳᠦᠨ ᠲᠠᠯ᠎ᠠ ᠠᠴᠠ ᠦᠭᠦᠯᠡᠪᠡ᠃ |