Title |
ᠬᠡᠯᠡᠨ ᠦ ᠬᠤᠪᠢᠷᠠᠯ ᠬᠦᠭᠵᠢᠯ ᠦᠨ ᠲᠤᠬᠠᠢ ᠠᠮᠢ ᠠᠬᠤᠢ ᠶᠢᠨ ᠬᠡᠯᠡ ᠰᠢᠨᠵᠢᠯᠡᠯ ᠦᠨ ᠲᠠᠢᠯᠪᠤᠷᠢᠯᠠᠯ |
Creator |
ᠯ · ᠲᠤᠭᠲᠠᠮᠪᠠᠶᠠᠷ |
Keyword |
ᠠᠮᠢ ᠠᠬᠤᠢ ᠶᠢᠨ ᠬᠡᠯᠡ ᠰᠢᠨᠵᠢᠯᠡᠯ; ᠬᠡᠯᠡᠨ ᠦ ᠣᠯᠠᠨ ᠶᠠᠩᠵᠤᠲᠤ ᠰᠢᠨᠵᠢ; ᠬᠡᠯᠡᠨ ᠦ ᠠᠮᠢ ᠠᠬᠤᠢ ᠶᠢᠨ ᠲᠡᠩᠴᠡᠭᠦᠷᠢᠲᠦ ᠰᠢᠨᠵᠢ |
Abstract |
ᠠᠮᠢ ᠠᠬᠤᠢ ᠶᠢᠨ ᠬᠡᠯᠡ ᠰᠢᠨᠵᠢᠯᠡᠯ ᠨᠢ ᠠᠮᠢ ᠠᠬᠤᠢ ᠶᠢᠨ ᠡᠭᠦᠳᠡᠨ ᠡᠴᠡ ᠬᠡᠯᠡᠨ ᠦ ᠬᠤᠪᠢᠷᠠᠯ ᠬᠦᠭᠵᠢᠯ ᠦᠨ ᠶᠠᠪᠤᠴᠠ ᠬᠢᠭᠡᠳ ᠵᠢᠮ᠎ᠡ ᠬᠠᠤᠯᠢ ᠶᠢ ᠰᠤᠳᠤᠯᠳᠠᠭ᠃ ᠠᠮᠢ ᠠᠬᠤᠢ ᠶᠢᠨ ᠬᠡᠯᠡ ᠰᠢᠨᠵᠢᠯᠡᠯ ᠦᠨ ᠦᠵᠡᠬᠦ ᠪᠡᠷ ᠬᠡᠯᠡᠨ ᠦ ᠬᠤᠪᠢᠷᠠᠯ ᠬᠦᠭᠵᠢᠯ ᠦᠨ ᠭᠤᠤᠯ ᠰᠢᠯᠲᠠᠭᠠᠨ ᠨᠢ ᠬᠡᠯᠡᠨ ᠦ ᠲᠤᠰ ᠪᠡᠶ᠎ᠡ ᠶᠢᠨ ᠬᠦᠴᠦᠷᠬᠡᠭ ᠪᠡ ᠪᠠᠭᠠᠤᠷᠠᠢ ᠳᠤ ᠪᠠᠢᠬᠤ ᠪᠢᠰᠢ᠂ ᠬᠠᠷᠢᠨ ᠬᠡᠯᠡᠨ ᠦ ᠠᠮᠢ ᠠᠬᠤᠢ ᠶᠢᠨ ᠣᠷᠴᠢᠨ ᠲᠠᠢ ᠬᠤᠯᠪᠤᠭᠳᠠᠨ᠎ᠠ᠃ ᠬᠡᠯᠡᠨ ᠦ ᠠᠮᠢ ᠠᠬᠤᠢ ᠶᠢᠨ ᠣᠷᠴᠢᠨ ᠤ ᠣᠯᠠᠨ ᠡᠯᠧᠮᠧᠨ᠋ᠲ ᠨᠢ ᠬᠡᠯᠡᠨ ᠦ ᠨᠡᠢᠭᠡᠮ ᠦᠨ ᠬᠡᠷᠡᠭᠯᠡᠭᠡᠨ ᠦ ᠴᠢᠳᠠᠮᠵᠢ ᠶᠢᠨ ᠦᠷᠭᠡᠳᠬᠦ ᠪᠡ ᠢᠪᠴᠤᠷᠠᠬᠤ ᠶᠢ ᠰᠢᠭᠤᠳ ᠨᠦᠯᠦᠭᠡᠯᠡᠳᠡᠭ᠃ ᠬᠡᠯᠡᠨ ᠦ ᠠᠮᠢ ᠠᠬᠤᠢ ᠶᠢᠨ ᠣᠷᠴᠢᠨ ᠢ ᠰᠠᠢᠵᠢᠷᠠᠭᠤᠯᠪᠠᠯ ᠰᠠᠶᠢ ᠬᠡᠯᠡ ᠨᠢ ᠡᠷᠡᠭᠦᠯ ᠢᠶᠡᠷ ᠬᠦᠭᠵᠢᠵᠦ ᠳᠡᠢᠯᠦᠨ᠎ᠡ᠃ ᠭᠡᠬᠦ ᠳᠦ ᠪᠡᠨ ᠬᠡᠯᠡᠨ ᠦ ᠡᠵᠡᠷᠬᠡᠭᠯᠡᠯ ᠢ ᠡᠰᠡᠷᠭᠦᠴᠡᠵᠦ᠂ ᠣᠯᠠᠨ ᠬᠡᠯᠡ ᠶᠢ ᠵᠡᠷᠭᠡ ᠪᠡᠷ ᠬᠦᠭᠵᠢᠭᠦᠯᠬᠦ᠂ ᠬᠡᠯᠡᠨ ᠦ ᠣᠯᠠᠨ ᠶᠠᠩᠵᠤᠲᠤ ᠰᠢᠨᠵᠢ ᠶᠢ ᠬᠦᠭᠵᠢᠭᠦᠯᠬᠦ᠂ ᠬᠡᠯᠡᠨ ᠦ ᠨᠡᠢᠭᠡᠮ ᠦᠨ ᠬᠡᠷᠡᠭᠯᠡᠭᠡᠨ ᠦ ᠴᠢᠳᠠᠮᠵᠢ ᠶᠢ ᠦᠷᠭᠡᠳᠭᠡᠬᠦ᠂ ᠬᠡᠯᠡᠨ ᠦ ᠡᠷᠬᠡ ᠲᠡᠭᠰᠢ᠂ ᠬᠠᠷᠢᠯᠴᠠᠨ ᠠᠰᠢᠭ ᠲᠠᠢ᠂ ᠬᠠᠮᠲᠤᠷᠠᠯᠴᠠᠨ ᠬᠦᠭᠵᠢᠬᠦ ᠵᠠᠷᠴᠢᠮ ᠢ ᠪᠠᠷᠢᠮᠲᠠᠯᠠᠬᠤ ᠬᠡᠷᠡᠭᠲᠡᠢ᠃ |
Original Literature |
View Original Paper
|
出自 |
蒙古学研究
2015年
第1期
|