Paper Information


Title ᠲᠠᠨᠢᠨ ᠮᠡᠳᠡᠭᠦᠢ ᠶᠢᠨ ᠦᠭᠦᠯᠡᠪᠦᠷᠢ ᠵᠦᠢ ᠶᠢᠨ ᠰᠤᠳᠤᠯᠤᠯ ᠤᠨ ᠣᠨᠣᠯ᠂ ᠠᠷᠭ᠎ᠠ ᠪᠠ ᠰᠤᠳᠤᠯᠤᠭᠳᠠᠬᠤᠨ
Creator ᠠᠯᠲᠠᠨᠰᠦ᠋ᠬᠡ
Keyword ᠲᠠᠨᠢᠨ ᠮᠡᠳᠡᠭᠦᠢ ᠶᠢᠨ ᠦᠭᠦᠯᠡᠪᠦᠷᠢ ᠵᠦᠢ; ᠳᠦᠷᠰᠦᠵᠢᠭᠦᠯᠦᠯ; ᠲᠠᠨᠢᠨ ᠮᠡᠳᠡᠭᠦᠢ ᠶᠢᠨ ᠠᠷᠭ᠎ᠠ ᠪᠠᠷᠢᠯ
Abstract ᠦᠭᠦᠯᠡᠯ ᠳᠦ ᠲᠠᠨᠢᠨ ᠮᠡᠳᠡᠭᠦᠢ ᠶᠢᠨ ᠦᠭᠦᠯᠡᠪᠦᠷᠢ ᠵᠦᠢ ᠶᠢᠨ ᠰᠤᠳᠤᠯᠤᠯ ᠤᠨ ᠣᠨᠣᠯ᠂ ᠠᠷᠭ᠎ᠠ᠂ ᠰᠤᠳᠤᠯᠤᠭᠳᠠᠬᠤᠨ ᠢ ᠲᠤᠳᠤᠷᠬᠠᠢ᠌ᠯᠠᠵᠤ᠂ ᠲᠡᠭᠦᠨ ᠢ ᠠᠰᠢᠭᠯᠠᠨ ᠮᠣᠩ᠋ᠭᠤᠯ ᠬᠡᠯᠡᠨ ᠦ ᠦᠭᠦᠯᠡᠪᠦᠷᠢ ᠵᠦᠢ ᠶᠢᠨ ᠪᠦᠲᠦᠴᠡ ᠪᠦᠷᠢᠯᠳᠦᠭᠦᠨ ᠬᠢᠭᠡᠳ ᠦᠭᠦᠯᠡᠪᠦᠷᠢ ᠶᠢᠨ ᠤᠳᠬ᠎ᠠ ᠶᠢᠨ ᠪᠦᠲᠦᠴᠡ ᠪᠦᠷᠢᠯᠳᠦᠭᠦᠨ ᠢ ᠲᠠᠢ᠌ᠯᠪᠤᠷᠢᠯᠠᠨ ᠰᠤᠳᠤᠯᠬᠤ ᠴᠢᠬᠤᠯᠠ ᠴᠢᠨᠠᠷ ᠢ ᠦᠭᠦᠯᠡᠭᠰᠡᠨ ᠪᠠᠢ᠌ᠨ᠎ᠠ᠃ ᠲᠠᠨᠢᠨ ᠮᠡᠳᠡᠭᠦᠢ ᠶᠢᠨ ᠦᠭᠦᠯᠡᠪᠦᠷᠢ ᠵᠦᠢ ᠶᠢᠨ ᠰᠤᠳᠤᠯᠤᠯ ᠨᠢ ᠲᠠᠨᠢᠨ ᠮᠡᠳᠡᠭᠦᠢ ᠶᠢᠨ ᠬᠡᠯᠡ ᠰᠢᠨᠵᠢᠯᠡᠯ ᠳᠦ ᠬᠠᠷᠢᠶᠠᠯᠠᠭᠳᠠᠵᠤ᠂ ᠭᠤᠤᠯᠳᠠᠭᠤ ᠬᠦᠮᠦᠨ ᠦ ᠡᠩ ᠦᠨ ᠲᠠᠨᠢᠨ ᠮᠡᠳᠡᠭᠦᠢ ᠶᠢᠨ ᠬᠡᠯᠪᠡᠷᠢ᠂ ᠲᠠᠨᠢᠨ ᠮᠡᠳᠡᠭᠦᠢ ᠶᠢᠨ ᠴᠢᠳᠠᠪᠤᠷᠢ ᠠᠴᠠ ᠡᠭᠦᠰᠴᠦ ᠦᠭᠦᠯᠡᠪᠦᠷᠢ ᠵᠦᠢ ᠶᠢᠨ ᠪᠦᠲᠦᠴᠡ ᠪᠦᠷᠢᠯᠳᠦᠭᠦᠨ ᠢ ᠲᠠᠢ᠌ᠯᠪᠤᠷᠢᠯᠠᠨ ᠰᠢᠨᠵᠢᠯᠡᠬᠦ ᠰᠢᠨᠵᠢᠯᠡᠭᠡᠨ ᠪᠤᠯᠤᠨ᠎ᠠ᠃ ᠣᠳᠤᠬᠠᠨ᠎ᠠ ᠬᠡᠯᠡ ᠰᠢᠨᠵᠢᠯᠡᠯ ᠳᠦ ᠣᠯᠠᠨ ᠣᠨᠣᠯ ᠪᠠ ᠠᠷᠭ᠎ᠠ ᠡᠭᠦᠰᠴᠦ ᠪᠤᠢ᠃ ᠪᠢᠳᠡᠨ ᠲᠡᠭᠦᠨ ᠢ ᠪᠦᠲᠦᠭᠡᠯᠴᠢ ᠪᠡᠷ ᠠᠰᠢᠭᠯᠠᠨ᠂ ᠮᠣᠩ᠋ᠭᠤᠯ ᠬᠡᠯᠡᠨ ᠦ ᠦᠭᠦᠯᠡᠪᠦᠷᠢ ᠵᠦᠢ ᠶᠢᠨ ᠪᠦᠲᠦᠴᠡ ᠶᠢ ᠲᠠᠢ᠌ᠯᠪᠤᠷᠢᠯᠠᠨ ᠰᠢᠨᠵᠢᠯᠡᠵᠦ᠂ ᠬᠡᠯᠡᠨ ᠦ ᠦᠵᠡᠭᠳᠡᠯ ᠦᠨ ᠠᠷᠤ ᠳᠠᠬᠢ ᠲᠠᠨᠢᠨ ᠮᠡᠳᠡᠭᠦᠢ ᠶᠢᠨ ᠦᠨᠳᠦᠰᠦᠯᠡᠯ ᠢ ᠰᠦᠪᠡᠭ᠍ᠴᠢᠯᠡᠨ ᠭᠠᠷᠭᠠᠪᠠᠯ ᠵᠤᠬᠢᠨ᠎ᠠ ᠭᠡᠵᠦ ᠦᠵᠡᠵᠡᠢ᠃
Original Literature View Original Paper
出自 蒙古学研究 2011年 第3期

联系我们


内蒙古大学图书馆
呼和浩特市大学西路235号
中国·内蒙古
P: (0471) 4992561
E: huangfeilong@imu.edu.cn