Title |
ᠮᠣᠩᠭᠣᠯ ᠠᠷᠠᠳ ᠤᠨ ᠠᠮᠠᠨ ᠵᠤᠬᠢᠶᠠᠯ 《ᠶᠢᠷᠲᠢᠨᠴᠦ ᠶᠢᠨ ᠭᠤᠷᠪᠠ》᠋ ᠶᠢᠨ ᠶᠤᠰᠤ ᠵᠦᠢ ᠶᠢᠨ ᠲᠤᠬᠠᠢ ᠦᠭᠦᠯᠡᠬᠦ ᠨᠢ |
Creator |
ᠰᠡ᠂ ᠪᠠᠭᠠᠲᠤᠷ |
Keyword |
ᠮᠣᠩᠭᠣᠯ ᠠᠷᠠᠳ ᠤᠨ ᠠᠮᠠᠨ ᠵᠤᠬᠢᠶᠠᠯ; ᠶᠢᠷᠲᠢᠨᠴᠦ ᠶᠢᠨ ᠭᠤᠷᠪᠠ; ᠬᠦᠮᠦᠨ ᠶᠤᠰᠤᠨ ᠤ ᠰᠤᠷᠭᠠᠯ |
Abstract |
《ᠶᠢᠷᠲᠢᠨᠴᠦ ᠶᠢᠨ ᠭᠤᠷᠪᠠ》ᠪᠤᠯ ᠮᠣᠩᠭᠣᠯ ᠠᠷᠠᠳ ᠤᠨ ᠠᠮᠠᠨ ᠵᠤᠬᠢᠶᠠᠯ ᠤᠨ ᠤᠬᠤᠷ ᠬᠡᠯᠪᠡᠷᠢ ᠶᠢᠨ ᠢᠷᠠᠭᠤ ᠨᠠᠶᠢᠷᠠᠭ ᠶᠤᠮ᠃ ᠲᠡᠷᠡ ᠨᠢ ᠶᠢᠷᠲᠢᠨᠴᠦ ᠶᠢᠨ ᠶᠠᠭᠤᠮᠠᠰ ᠦᠵᠡᠭᠳᠡᠯ ᠢ 《ᠲᠦᠰᠦᠭᠡᠯᠡᠯ》᠋ ᠢᠶᠡᠷ ᠨᠢ ᠬᠤᠷᠢᠶᠠᠩ᠌ᠭᠤᠶᠢᠯᠠᠵᠤ ᠬᠦᠮᠦᠰ ᠤᠨ ᠲᠠᠨᠢᠨ ᠮᠡᠳᠡᠬᠦ ᠳᠦ ᠴᠢᠭᠯᠡᠭᠳᠡᠵᠦ ᠪᠠᠶᠢᠭ᠎ᠠ ᠤᠴᠢᠷ ᠲᠡᠭᠦᠨ ᠦ ᠳᠤᠲᠤᠷ᠎ᠠ ᠬᠦᠮᠦᠰ ᠢ ᠰᠤᠷᠭᠠᠨ ᠤᠬᠠᠮᠰᠠᠷᠠᠭᠤᠯᠬᠤ ᠮᠠᠰᠢ ᠨᠠᠷᠢᠨ ᠠᠭᠤᠯᠭ᠎ᠠ ᠪᠠᠶᠢᠬᠤ ᠶᠢ ᠰᠡᠭᠦᠯᠴᠢ ᠶᠢᠨ ᠦᠶ᠎ᠡ ᠶᠢᠨ ᠰᠤᠳᠤᠯᠤᠭᠴᠢᠳ ᠶᠠᠪᠤᠬᠤ ᠳᠤᠲᠤᠮ ᠠᠩ᠌ᠬᠠᠷᠤᠯ ᠳᠠᠭᠠᠨ ᠠᠪᠴᠤ ᠪᠤᠢ᠃ ᠡᠨᠡ ᠲᠠᠯ᠎ᠠ ᠪᠠᠷ 《ᠶᠢᠷᠲᠢᠨᠴᠦ ᠶᠢᠨ ᠭᠤᠷᠪᠠ》᠋ ᠶᠢᠨ ᠶᠤᠰᠤ ᠵᠦᠢ ᠶᠢᠨ ᠦᠵᠡᠯ ᠰᠡᠳᠬᠢᠯᠭᠡᠨ ᠴᠢᠬᠤᠯᠠ ᠪᠠᠶᠢᠷᠢ ᠶᠢ ᠡᠵᠡᠯᠡᠬᠦ ᠪᠦᠭᠡᠳ ᠲᠡᠭᠦᠨ ᠦ ᠳᠤᠲᠤᠷ᠎ᠠ ᠠᠴᠠ ᠬᠦᠮᠦᠨ ᠶᠤᠰᠤᠨ ᠤ ᠰᠤᠷᠭᠠᠯ ᠢ ᠨᠢ ᠶᠠᠭᠤᠨ ᠤ ᠡᠮᠦᠨ᠎ᠡ ᠳᠤᠷᠠᠳᠬᠤ ᠶᠤᠰᠤᠲᠠᠢ᠃ ᠲᠤᠰ ᠦᠭᠦᠯᠡᠯ ᠳᠦ ᠮᠣᠩᠭᠣᠯ ᠠᠷᠠᠳ ᠤᠨ ᠠᠮᠠᠨ ᠵᠤᠬᠢᠶᠠᠯ 《ᠶᠢᠷᠲᠢᠨᠴᠦ ᠶᠢᠨ ᠭᠤᠷᠪᠠ》᠋ ᠶᠢᠨ ᠬᠦᠮᠦᠨ ᠶᠤᠰᠤᠨ ᠤ ᠰᠤᠷᠭᠠᠯ ᠢ ᠶᠡᠷᠦᠩᠬᠡᠢ ᠳᠦᠨᠢ ᠬᠦᠮᠦᠨ ᠲᠦᠷᠦᠯᠬᠢᠲᠡᠨ ᠦ ᠡᠷᠳᠡᠮ ᠮᠡᠳᠡᠯᠭᠡ ᠪᠡᠷ ᠦᠪᠡᠷ ᠦᠨ ᠪᠡᠶ᠎ᠡ ᠪᠡᠨ ᠵᠡᠪᠰᠡᠭᠯᠡᠬᠦ ᠶᠢ ᠰᠤᠷᠭᠠᠨ ᠵᠢᠭᠠᠬᠤ᠂ ᠬᠦᠮᠦᠨ ᠦ ᠬᠦᠳᠡᠯᠮᠦᠷᠢ ᠶᠢᠨ ᠤᠨᠴᠠᠭᠠᠢ ᠴᠢᠳᠠᠪᠤᠷᠢ ᠡᠵᠡᠮᠰᠢᠬᠦ ᠶᠢ ᠰᠤᠷᠭᠠᠨ ᠵᠢᠭᠠᠬᠤ᠂ ᠬᠦᠮᠦᠨ ᠦ ᠰᠢᠯᠢᠳᠡᠭ ᠰᠠᠶᠢᠬᠠᠨ ᠶᠤᠰᠤ ᠰᠤᠷᠲᠠᠬᠤᠨ ᠵᠠᠩ ᠴᠢᠨᠠᠷ ᠢ ᠵᠦᠪ ᠪᠠᠷᠢᠵᠤ ᠶᠠᠪᠤᠬᠤ ᠶᠢ ᠴᠢᠩ᠋ᠭ᠎ᠠ ᠱᠠᠭᠠᠷᠳᠠᠬᠤ ᠵᠡᠷᠭᠡ ᠬᠡᠳᠦᠨ ᠲᠠᠯ᠎ᠠ ᠠᠴᠠ ᠭᠤᠤᠯᠴᠢᠯᠠᠨ ᠰᠤᠳᠤᠯᠤᠭᠰᠠᠨ ᠪᠠᠶᠢᠨ᠎ᠠ᠃ |
Original Literature |
View Original Paper
|
出自 |
内蒙古师范大学学报
2005年
第4期
|