Title |
ᠬᠠᠷᠠᠴᠢᠨ — ᠬᠤᠷᠴᠢᠨ ᠠᠶᠠᠯᠭᠤ ᠶᠢ ᠦᠭᠦᠯᠡᠬᠦ ᠨᠢ |
Creator |
ᠪ᠂ ᠰᠤᠳᠤ |
Keyword |
ᠬᠠᠷᠠᠴᠢᠨ — ᠬᠤᠷᠴᠢᠨ ᠠᠶᠠᠯᠭᠤ; ᠬᠦᠮᠦᠨ ᠠᠮᠠ ᠶᠢᠨ ᠨᠡᠭᠦᠳᠡᠯᠡᠯᠲᠡ; ᠬᠡᠯᠡᠨ ᠦ ᠣᠢ᠌ᠷᠠᠳᠤᠯᠴᠠᠭᠠ; ᠲᠠᠷᠢᠶᠠᠯᠠᠬᠤ ᠰᠤᠶᠤᠯ |
Abstract |
ᠬᠡᠯᠡᠨ ᠦ ᠪᠦᠲᠦᠴᠡ ᠲᠤᠭᠲᠠᠯᠴᠠᠭᠠᠨ ᠤ ᠣᠨᠴᠠᠯᠢᠭ ᠪᠠ ᠠᠶᠠᠯᠭᠤᠨ ᠤ ᠰᠤᠶᠤᠯ ᠤᠨ ᠠᠮᠢ ᠠᠬᠤᠢ ᠶᠢᠨ ᠡᠲᠡᠭᠡᠳ ᠰᠢᠨᠵᠢ ᠡᠴᠡ ᠠᠪᠴᠤ ᠦᠵᠡᠪᠡᠯ᠂ ᠬᠠᠷᠠᠴᠢᠨ᠂ ᠬᠤᠷᠴᠢᠨ ᠬᠤᠶᠠᠷ ᠠᠮᠠᠨ ᠠᠶᠠᠯᠭᠤ ᠨᠢ ᠨᠡᠢ᠌ᠯᠡᠭᠡᠳ ᠨᠢᠭᠡᠨ ᠪᠡᠶ᠎ᠡ ᠪᠡᠨ ᠳᠠᠭᠠᠭᠠᠭᠰᠠᠨ ᠨᠤᠲᠤᠭ ᠤᠨ ᠠᠶᠠᠯᠭᠤ ᠪᠤᠯᠵᠤ ᠪᠦᠷᠢᠯᠳᠦᠭᠰᠡᠨ ᠭᠡᠵᠦ ᠦᠵᠡᠵᠦ ᠪᠤᠯᠤᠨ᠎ᠠ᠃ ᠡᠭᠦᠨ ᠢ ᠪᠢᠳᠡ ᠬᠠᠷᠠᠴᠢᠨ — ᠬᠤᠷᠴᠢᠨ ᠠᠶᠠᠯᠭᠤ ᠬᠡᠮᠡᠨ ᠨᠷᠡᠯᠡᠶᠡ᠃ ᠬᠠᠷᠠᠴᠢᠨ — ᠬᠤᠷᠴᠢᠨ ᠠᠶᠠᠯᠭᠤ ᠨᠢ ᠳᠤᠮᠳᠠᠳᠤ ᠤᠯᠤᠰ ᠤᠨ ᠮᠣᠩ᠋ᠭᠤᠯ ᠬᠡᠯᠡᠨ ᠦ ᠨᠢᠭᠡᠨ ᠨᠤᠲᠤᠭ ᠤᠨ ᠠᠶᠠᠯᠭᠤ ᠪᠤᠯᠤᠭᠰᠠᠨ ᠤ ᠬᠤᠪᠢ ᠳᠤ᠂ ᠣᠢ᠌ᠷ᠎ᠠ ᠦᠶ᠎ᠡ ᠶᠢᠨ ᠲᠡᠦᠬᠡᠨ ᠳᠡᠭᠡᠷᠡᠬᠢ ᠬᠦᠮᠦᠨ ᠠᠮᠠ ᠶᠢᠨ ᠨᠡᠭᠦᠳᠡᠯᠡᠯᠲᠡ ᠪᠡ ᠲᠠᠷᠢᠶᠠᠯᠠᠬᠤ ᠰᠤᠶᠤᠯ ᠤᠨ ᠪᠦᠷᠢᠯᠳᠦᠯ ᠵᠢᠴᠢ ᠬᠠᠷᠠᠴᠢᠨ ᠠᠮᠠᠨ ᠠᠶᠠᠯᠭᠤ ᠪᠤᠯᠤᠨ ᠬᠤᠷᠴᠢᠨ ᠠᠮᠠᠨ ᠠᠶᠠᠯᠭᠤᠨ ᠤ ᠨᠡᠪᠴᠢᠯᠴᠡᠭᠡ ᠬᠢᠭᠡᠳ ᠬᠢᠲᠠᠳ ᠬᠡᠯᠡᠨ ᠦ ᠨᠦᠯᠦᠭᠡᠯᠡᠯ ᠦᠨ ᠦᠷ᠎ᠡ ᠳ᠋ᠦᠩ ᠳᠦ ᠪᠦᠷᠢᠯᠳᠦᠭᠰᠡᠨ ᠶᠤᠮ᠃ ᠬᠠᠷᠠᠴᠢᠨ — ᠬᠤᠷᠴᠢᠨ ᠠᠶᠠᠯᠭᠤ ᠨᠢ ᠭᠤᠤᠯᠳᠠᠭᠤ ᠦᠭᠡᠰ ᠦᠨ ᠰᠠᠩ ᠤᠨ ᠲᠠᠯ᠎ᠠ ᠪᠠᠷ ᠮᠣᠩ᠋ᠭᠤᠯ ᠬᠡᠯᠡᠨ ᠦ ᠪᠤᠰᠤᠳ ᠨᠤᠲᠤᠭ ᠤᠨ ᠠᠶᠠᠯᠭᠤᠨ ᠠᠴᠠ ᠲᠤᠳᠤᠷᠬᠠᠢ ᠢᠯᠭᠠᠭᠳᠠᠬᠤ ᠶᠢᠨ ᠳᠠᠭᠠᠤ ᠬᠡᠯᠡᠨ ᠦ ᠠᠮᠢ ᠠᠬᠤᠢ ᠶᠢᠨ ᠲᠠᠯ᠎ᠠ ᠪᠠᠷ ᠦᠪᠡᠷ ᠦᠨ ᠣᠨᠴᠠᠯᠢᠭ ᠪᠦᠬᠦᠢ ᠰᠢᠨᠵᠢ ᠶᠢ ᠢᠯᠡᠷᠡᠭᠦᠯᠵᠦ᠂ ᠲᠤᠰ ᠠᠶᠠᠯᠭᠤᠨ ᠤ ᠣᠷᠤᠨ ᠤ ᠨᠡᠯᠢᠶᠡᠳ ᠭᠠᠵᠠᠷ ᠣᠷᠤᠨ ᠳᠤ ᠮᠣᠩ᠋ᠭᠤᠯ ᠬᠡᠯᠡ ᠦᠷᠭᠦᠯᠵᠢᠯᠡᠨ ᠬᠠᠳᠠᠭᠠᠯᠠᠭᠳᠠᠵᠤ ᠬᠦᠭ᠍ᠵᠢᠬᠦ ᠨᠦᠬᠦᠴᠡᠯ ᠪᠠᠢ᠌ᠭᠰᠠᠭᠠᠷ ᠶᠤᠮ᠃ |
Original Literature |
View Original Paper
|
出自 |
中国蒙古学
2013年
第3期
|