Paper Information


Title ᠴᠢᠩ ᠤᠯᠤᠰ ᠤᠨ ᠦᠶ᠎ᠡ ᠶᠢᠨ ᠬᠠᠩᠭᠢᠨ ᠵᠠᠰᠠᠭ ᠬᠤᠰᠢᠭᠤᠨ ᠤ ᠬᠦᠮᠦᠨ ᠠᠮᠠ ᠶᠢᠨ ᠲᠤᠬᠠᠢ
Creator ᠢᠳᠡᠷᠬᠡᠭ
Keyword 《ᠪᠢᠳᠡᠭᠦᠮᠵᠢᠯᠡᠨ ᠴᠠᠭᠠᠵᠢᠯᠠᠬᠤ》; ᠬᠠᠩᠭᠢᠨ ᠬᠤᠰᠢᠭᠤ; ᠬᠦᠮᠦᠨ ᠠᠮᠠ
Abstract ᠴᠢᠩ ᠤᠯᠤᠰ ᠤᠨ ᠵᠠᠰᠠᠭ ᠤᠨ ᠭᠠᠵᠠᠷ ᠮᠣᠩᠭᠤᠯ ᠣᠷᠤᠨ ᠳᠤ ᠴᠡᠷᠢᠭ ᠦᠨ ᠪᠠᠢᠭᠤᠯᠤᠯ ᠤᠨ ᠬᠤᠰᠢᠭᠤ ᠵᠠᠰᠠᠭ ᠪᠠᠢᠭᠤᠯᠤᠨ᠂ 《ᠪᠢᠲᠡᠭᠦᠮᠵᠢᠯᠡᠨ ᠴᠠᠭᠠᠵᠢᠯᠠᠬᠤ》 ᠪᠠ 《ᠵᠠᠩ ᠳᠠᠳᠬᠠᠯ ᠢᠶᠠᠷ ᠨᠢ ᠵᠠᠰᠠᠬᠤ》 ᠵᠡᠷᠭᠡ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠰᠡᠨ ᠦ ᠳᠠᠷᠠᠭ᠎ᠠ᠂ ᠮᠣᠩᠭᠤᠯᠴᠤᠳ ᠤᠨ ᠤᠯᠠᠮᠵᠢᠯᠠᠯᠲᠤ ᠨᠡᠢᠭᠡᠮ ᠦᠨ ᠪᠦᠲᠦᠴᠡ᠂ ᠠᠵᠤ ᠠᠬᠤᠢ ᠶᠢᠨ ᠠᠮᠢᠳᠤᠷᠠᠯ ᠪᠠ ᠱᠠᠰᠢᠨ ᠰᠤᠷᠲᠠᠬᠤᠨ ᠵᠡᠷᠭᠡ ᠲᠠᠯ᠎ᠠ ᠳᠤ ᠴᠦᠮ ᠲᠤᠢᠯ ᠤᠨ ᠶᠡᠬᠡ ᠨᠦᠯᠦᠭᠡ ᠳᠤᠰᠬᠠᠯ ᠭᠠᠷᠭᠠᠭᠰᠠᠨ ᠪᠠᠢᠨ᠎ᠠ᠃ ᠮᠦᠨ ᠬᠦ ᠡᠳᠡᠭᠡᠷ ᠨᠦᠯᠦᠭᠡ ᠦᠢᠯᠡᠳᠦᠯ ᠡᠴᠡ ᠪᠤᠯᠵᠤ᠂ ᠮᠣᠩᠭᠤᠯᠴᠤᠳ ᠤᠨ ᠡᠳᠦᠷ ᠳᠤᠲᠤᠮ ᠤᠨ ᠠᠮᠢᠳᠤᠷᠠᠯ ᠳᠤ ᠣᠯᠠᠨ ᠠᠷᠪᠢᠨ ᠬᠤᠪᠢᠷᠠᠯᠲᠠ ᠶᠢ ᠠᠪᠴᠢᠷᠠᠭᠰᠠᠨ ᠪᠠᠢᠨ᠎ᠠ᠃ ᠣᠨᠴᠠᠭᠠᠢᠯᠠᠨ ᠱᠠᠰᠢᠨ ᠰᠤᠷᠲᠠᠨ ᠤ ᠲᠦᠷᠦ ᠶᠢᠨ ᠪᠤᠳᠤᠯᠭ᠎ᠠ ᠪᠤᠯᠤᠨ ᠴᠡᠷᠢᠭ ᠵᠠᠰᠠᠭ ᠤᠨ ᠬᠠᠮᠢᠶᠠᠷᠤᠯᠲᠠ ᠳᠦᠷᠢᠮ ᠦᠨ ᠬᠡᠷᠡᠭᠵᠢᠭᠦᠯᠦᠯ ᠡᠴᠡ ᠪᠤᠯᠤᠭᠰᠠᠨ ᠤᠷᠤᠭ ᠭᠡᠷ ᠪᠦᠯᠢ ᠵᠢᠴᠢ ᠬᠦᠮᠦᠨ ᠠᠮᠠ ᠶᠢᠨ ᠦᠰᠦᠯᠲᠡ ᠵᠡᠷᠭᠡ ᠳᠦ ᠭᠠᠷᠭᠠᠭᠰᠠᠨ ᠬᠤᠪᠢᠷᠠᠯᠲᠠ ᠨᠢ ᠨᠡᠩ ᠭᠦᠨ ᠭᠦᠨᠵᠡᠭᠡᠢ ᠪᠠᠢᠳᠠᠭ᠃ ᠴᠢᠩ ᠤᠯᠤᠰ ᠤᠨ ᠦᠶ᠎ᠡ ᠶᠢᠨ ᠬᠠᠩᠭᠢᠨ ᠬᠤᠰᠢᠭᠤᠨ ᠤ ᠬᠦᠮᠦᠨ ᠠᠮᠠ ᠶᠢᠨ ᠬᠤᠪᠢᠷᠠᠯᠲᠠ ᠬᠤᠷᠤᠭᠳᠠᠨ ᠴᠦᠬᠡᠬᠡᠷᠡᠭᠰᠡᠨ ᠨᠢ ᠤᠴᠢᠷ ᠰᠢᠯᠲᠠᠭᠠᠨ ᠲᠠᠢ᠃
Original Literature View Original Paper
出自 中国蒙古学 2016年 第2期

联系我们


内蒙古大学图书馆
呼和浩特市大学西路235号
中国·内蒙古
P: (0471) 4992561
E: huangfeilong@imu.edu.cn