Title |
《 ᠨᠢᠭᠡ ᠪᠦᠰᠡ ᠨᠢᠭᠡ ᠵᠠᠮ》 ᠤᠼᠨ ᠪᠦᠲᠦᠭᠡᠨ ᠪᠠᠢᠭᠤᠯᠤᠯᠲᠠ ᠶᠢᠨ ᠨᠦᠯᠦᠭᠡᠨ ᠳ᠋ᠡᠬᠢ ᠮᠣᠩᠭᠤᠯ ᠦᠨᠳᠦᠰᠦᠲᠡᠨ ᠤ ᠰᠤᠷᠭᠠᠨ ᠬᠦᠮᠦᠵᠢᠯ ᠤᠨ ᠲᠤᠬᠠᠢ |
Creator |
ᠬᠠᠢᠷᠬᠠᠨ |
Keyword |
ᠦᠪᠦᠷ ᠮᠣᠩᠭᠤᠯ ᠤᠨ ᠶᠡᠬᠡ ᠰᠤᠷᠭᠠᠭᠤᠯᠢ ᠶᠢᠨ ᠮᠣᠩᠭᠤᠯ ᠰᠣᠳᠤᠯᠤᠯ ᠤᠨ ᠲᠡᠭᠡᠳᠦ ᠰᠤᠷᠭᠠᠭᠤᠯᠢ ᠶᠢᠨ ᠳ᠋ᠤᠺᠲ᠋ᠤᠷᠠᠨᠲ᠂ ᠨᠡᠢᠭᠡᠮ ᠬᠡᠯᠡ ᠰᠢᠨᠵᠢᠯᠡᠯ ᠤᠨ ᠴᠢᠭᠯᠡᠯ ᠢᠢᠡᠷ ᠰᠣᠳᠤᠯᠭ᠎ᠠ ᠲᠠᠢ |
Abstract |
《 ᠨᠢᠭᠡ ᠪᠦᠰᠡ ᠨᠢᠭᠡ ᠵᠠᠮ》 ᠤᠨ ᠪᠦᠲᠦᠭᠡᠨ ᠪᠠᠢᠭᠤᠯᠤᠯᠲᠠ ᠨᠢ ᠵᠠᠮ ᠲᠠᠭᠠᠬᠤ ᠤᠯᠤᠰ ᠤᠷᠤᠨ ᠤ ᠠᠵᠤ ᠠᠬᠤᠢ᠂ ᠰᠣᠶᠣᠯ ᠰᠤᠷᠭᠠᠨ ᠬᠦᠮᠦᠵᠢᠯ ᠤᠨ ᠬᠦᠭᠵᠢᠯᠲᠡ ᠵᠢ ᠠᠬᠢᠭᠤᠯᠵᠤ᠂ ᠬᠠᠮᠲᠤ ᠶᠢᠨ ᠴᠡᠴᠡᠭᠯᠡᠯ ᠬᠦᠭᠵᠢᠯ ᠳ᠋ᠤ ᠲᠦᠯᠬᠢᠴᠡ ᠦᠢᠯᠡᠳᠦᠯ ᠦᠵᠡᠭᠦᠯᠳᠡᠭ᠃ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠨᠢ ᠦᠪᠡᠷᠮᠢᠴᠡ ᠭᠠᠵᠠᠷ ᠵᠦᠢ ᠶᠢᠨ ᠠᠪᠢᠷᠢᠰᠢᠯ ᠪᠤᠯᠤᠨ ᠤᠯᠠᠨ ᠦᠨᠳᠦᠰᠦᠲᠡᠨ ᠤᠷᠤᠰᠢᠨ ᠠᠮᠢᠳᠤᠷᠠᠵᠤ ᠪᠠᠢᠭ᠎ᠠ ᠵᠡᠷᠭᠡ ᠣᠨᠴᠠᠯᠢᠭ ᠡᠴᠡ ᠪᠠᠨ ᠪᠤᠯᠵᠤ᠂ 《 ᠨᠢᠭᠡᠨ ᠪᠦᠰᠡ ᠨᠢᠭᠡ ᠵᠠᠮ》 ᠤᠨ ᠪᠦᠲᠦᠭᠡᠨ ᠪᠠᠢᠭᠤᠯᠤᠯᠲᠠ ᠳ᠋ᠤ ᠲᠦᠯᠬᠢᠵᠦ ᠪᠤᠯᠤᠰᠢ ᠦᠭᠡᠢ ᠬᠠᠷᠢᠭᠤᠴᠠᠯᠭ᠎ᠠ ᠵᠢ ᠡᠭᠦᠷᠭᠡᠯᠡᠵᠦ ᠪᠠᠢᠳᠠᠭ ᠪᠦᠭᠡᠳ ᠡᠨᠡ ᠬᠦᠪᠠᠢᠳᠠᠯ ᠨᠢ ᠮᠣᠩᠭᠤᠯ ᠦᠨᠳᠦᠰᠦᠲᠡᠨ ᠤ ᠰᠤᠷᠭᠠᠨ ᠬᠦᠮᠦᠵᠢᠯ ᠳ᠋ᠤ ᠰᠢᠨ᠎ᠠ ᠦᠷᠢᠰᠦᠯᠳᠦᠭᠡᠨ ᠵᠢᠴᠢ ᠠᠵᠠ ᠲᠤᠬᠢᠶᠠᠯ ᠢ ᠤᠯᠭᠤᠭᠰᠠᠨ ᠪᠠᠢᠳᠠᠭ᠃ ᠦᠭᠦᠯᠡᠯ ᠳ᠋ᠤ《 ᠨᠢᠭᠡ ᠪᠦᠰᠡᠨᠢᠭᠡᠮ ᠵᠠᠮ》 ᠤᠨ ᠪᠦᠲᠦᠭᠡᠨ ᠪᠠᠢᠭᠤᠯᠤᠯᠲᠠ ᠶᠢᠨ ᠦᠨᠳᠦᠰᠦᠲᠡᠨ ᠤ ᠰᠤᠷᠭᠠᠨ ᠬᠦᠮᠦᠵᠢᠯ ᠳ᠋ᠤ ᠦᠵᠡᠭᠦᠯᠬᠦ ᠨᠦᠯᠦᠭᠡ ᠵᠢ ᠵᠠᠳᠠᠯᠬᠤ ᠪᠡᠷ ᠲᠠᠮᠵᠢᠨ ᠮᠣᠩᠭᠤᠯ ᠦᠨᠳᠦᠰᠦᠲᠡᠨ ᠤ ᠰᠤᠷᠭᠠᠨ ᠬᠦᠮᠦᠵᠢᠯ ᠤᠨ ᠬᠦᠭᠵᠢᠯᠲᠡ ᠶᠢᠨ ᠴᠢᠬᠤᠯᠠ ᠴᠢᠠᠨᠷ᠂ ᠲᠤᠬᠠᠢᠯᠠᠪᠠᠯ ᠦᠨᠳᠦᠰᠦᠲᠡᠨ ᠤ ᠰᠤᠷᠭᠠᠨ ᠬᠦᠮᠦᠵᠢᠯ ᠳ᠋ᠡᠬᠢ ᠡᠭᠡ ᠬᠡᠯᠡᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢᠨ ᠴᠢᠬᠤᠯᠠ ᠴᠢᠠᠨᠷ ᠪᠠ ᠮᠣᠩᠭᠤᠯ ᠦᠨᠳᠦᠰᠦᠲᠡᠨ ᠤ ᠶᠡᠬᠡ ᠲᠡᠭᠡᠳᠦ ᠰᠤᠷᠭᠠᠭᠤᠯᠢ ᠳ᠋ᠤ ᠤᠯᠠᠨ ᠡᠰᠢᠲᠦ ᠰᠣᠶᠣᠯ ᠤᠨ ᠤᠷᠴᠢᠨ ᠢ ᠪᠠᠢᠭᠤᠯᠵᠦ ᠭᠦᠭᠵᠢᠬᠦᠯᠦ ᠶᠢᠨ ᠴᠢᠬᠤᠯᠠ ᠴᠢᠠᠨᠷ ᠢ ᠵᠠᠳᠠᠯᠤᠨ ᠰᠢᠨᠵᠢᠯᠡᠭᠰᠡᠨ ᠪᠠᠢᠨ᠎ᠠ᠃ |
Original Literature |
View Original Paper
|
出自 |
内蒙古社会科学(蒙文版)
2019年
第1期
|