Title |
ᠬᠦᠳᠡᠭᠡ ᠲᠤᠰᠬᠤᠨ ᠢ ᠰᠡᠷᠬᠦᠭᠡᠨ ᠮᠠᠨᠳᠤᠭᠤᠯᠬᠤ ᠪᠠᠢᠯᠳᠤᠬᠤ ᠪᠤᠳᠤᠯᠭ᠎ᠠ ᠵᠢ ᠬᠡᠷᠡᠭᠵᠢᠬᠦᠯᠬᠦ ᠶᠠᠪᠤᠴᠠ ᠳ᠋ᠤ ᠠᠮᠢ ᠠᠬᠤᠢ ᠵᠢ ᠤᠷᠢᠳ ᠢᠢᠡᠷ ᠪᠤᠳᠤᠯᠬᠢᠯᠠᠭᠰᠠᠨ ᠪᠤᠬᠢᠷᠲᠤᠯ ᠦᠭᠡᠢ ᠭᠦᠭᠵᠢᠯᠲᠡ ᠵᠢ ᠪᠠᠷᠢᠮᠲᠠᠯᠠᠬᠤ ᠲᠤᠬᠠᠢ |
Creator |
ᠪᠤᠯᠪᠠᠰᠤᠨ ;ᠵᠤᠯᠠ |
Keyword |
ᠬᠦᠳᠡᠭᠡ ᠲᠤᠰᠬᠤᠨ ᠢ ᠰᠡᠷᠭᠦᠭᠡᠨ ᠮᠠᠨᠳᠤᠭᠤᠯᠬᠤ ᠪᠠᠢᠯᠳᠤᠬᠤ ᠪᠤᠳᠤᠯᠭ᠎ᠠ; ᠠᠮᠢ ᠠᠬᠤᠢ ᠵᠢ ᠤᠷᠢᠳ ᠢᠢᠡᠷ ᠪᠤᠳᠤᠯᠬᠢᠯᠠᠭᠰᠠᠨ ᠪᠤᠬᠢᠷᠲᠤᠯ ᠦᠭᠡᠢ ᠬᠦᠭᠵᠢᠯᠲᠡ; ᠤᠯᠠᠨ ᠲᠠᠯᠠᠵᠢᠭᠰᠠᠨ ᠬᠦᠭᠵᠢᠯᠲᠡ ᠶᠢᠨ ᠤᠴᠢᠷ |
Abstract |
ᠦᠪᠦᠷ ᠮᠣᠩᠭᠤᠯ ᠪᠤᠯ ᠮᠠᠨ ᠤ ᠤᠯᠤᠰ ᠤᠨ ᠤᠮᠠᠷᠠᠲᠤ ᠤᠷᠤᠨ ᠤ ᠲᠠᠯᠠᠪᠡᠢ ᠪᠡᠷ ᠬᠠᠮᠤᠭ ᠤᠨᠶᠡᠬᠡ ᠮ ᠲᠦᠷᠦᠯ ᠵᠦᠢᠯ ᠢᠢᠡᠷ ᠬᠠᠮᠤᠭ ᠤᠨ ᠪᠦᠷᠢᠨ ᠠᠮᠢ ᠠᠬᠤᠢ ᠶᠢᠨ ᠴᠢᠳᠠᠪᠬᠢ ᠶᠢᠨ ᠤᠷᠤᠨ ᠪᠤᠯᠤᠨ᠎ᠠ᠃ ᠮᠦᠨ ᠴᠦ ᠮᠠᠢ ᠠᠬᠤᠢ ᠶᠢᠨ ᠨᠦᠬᠦᠴᠡᠯ ᠬᠡᠪᠡᠷᠡᠭ᠂ ᠰᠡᠯᠬᠦᠨ ᠵᠠᠰᠠᠬᠤ ᠭᠦᠨᠳᠦ ᠡᠭᠦᠷᠭᠡ ᠪᠠᠢᠭ᠎ᠠ ᠭᠠᠵᠠᠷ ᠤᠷᠤᠨ ᠪᠤᠯᠤᠨ᠎ᠠ᠃ ᠡᠨᠡ ᠨᠢ ᠦᠪᠦᠷ ᠮᠣᠩᠭᠤᠯ ᠴᠨ ᠴᠢᠨᠠᠷ ᠰᠠᠢᠲᠡᠢ ᠬᠦᠭᠵᠢᠯᠲᠡ ᠵᠢ ᠪᠡᠶᠡᠯᠡᠬᠦᠯᠬᠦ᠂ ᠤᠨᠴᠠᠭᠠᠢᠯᠠᠨ ᠬᠦᠳᠡᠭᠡ ᠲᠤᠰᠬᠤᠨ ᠢ ᠰᠡᠷᠭᠦᠭᠡᠨ ᠮᠠᠨᠳᠤᠭᠤᠯᠬᠤ ᠪᠠᠢᠯᠳᠤᠬᠤ ᠪᠤᠳᠤᠯᠭ᠎ᠠ ᠵᠢ ᠭᠡᠷᠡᠭᠵᠢᠬᠦᠯᠬᠦ ᠠᠮᠢ ᠠᠬᠤᠢ ᠶᠢᠨ ᠰᠠᠭᠤᠷᠢ ᠪᠤᠯᠤᠨ᠎ᠠ᠃ ᠡᠯ ᠠ ᠭᠠᠵᠠᠷ ᠤᠷᠤᠨ ᠤ ᠬᠢᠨ ᠬᠦᠳᠡᠭᠡ ᠲᠤᠰᠬᠤᠨ ᠢ ᠰᠡᠷᠭᠦᠭᠡᠨ ᠮᠠᠨᠳᠤᠭᠤᠯᠬᠤ ᠪᠠᠢᠯᠳᠤᠬᠤ ᠪᠤᠳᠤᠯᠭ᠎ᠠ ᠵᠢ ᠬᠡᠷᠡᠭᠵᠢᠬᠦᠯᠬᠦ ᠶᠠᠪᠤᠴᠠ ᠳ᠋ᠤ᠂ ᠵᠠᠪᠠᠯ ᠬᠦᠳᠡᠭᠡ ᠲᠤᠰᠬᠤᠨ ᠮᠠᠯᠵᠢᠬᠤ ᠤᠷᠤᠨ ᠤ ᠲᠤᠬᠠᠢ ᠶᠢᠨ ᠭᠠᠵᠠᠷ ᠤᠨ ᠠᠮᠢ ᠠᠬᠤᠢ ᠪᠠ ᠣᠷᠴᠢᠨ ᠲᠤᠭᠤᠷᠢᠨ ᠤ ᠪᠤᠳᠠᠳᠤ ᠪᠠᠢᠳᠠᠯ ᠡᠴᠡ ᠡᠭᠦᠰᠴᠦ ᠭᠤᠤᠯᠳᠠᠯᠭᠠᠲᠤ ᠠᠮᠢ ᠠᠬᠤᠢ ᠶᠢᠨ ᠰᠢᠰᠲ᠋ᠸᠮ ᠢ ᠰᠡᠯᠬᠦᠨ ᠵᠠᠰᠠᠬᠤ᠂ ᠠᠮᠢ ᠠᠬᠤᠢ ᠶᠢᠨ ᠨᠦᠬᠦᠪᠦᠷᠢᠯᠡᠬᠦ ᠲᠤᠭᠲᠠᠴᠠ ᠵᠢ ᠲᠡᠭᠦᠯᠳᠡᠷᠵᠢᠬᠦᠯᠬᠦ᠂ ᠡᠬᠢ ᠪᠠᠶᠠᠯᠢᠭ ᠤᠷᠴᠢᠨ ᠲᠤᠭᠤᠷᠢᠨ ᠤ ᠲᠤᠪᠤᠢᠮ ᠠ ᠠᠰᠠᠭᠤᠳᠠᠯ ᠢ ᠲᠤᠬᠢᠲᠠᠢ ᠰᠢᠢᠳᠪᠦᠷᠢᠯᠡᠬᠦ᠂ ᠬᠦᠮᠦᠨ ᠠᠷᠠᠳ ᠤᠨ ᠤᠷᠤᠰᠢᠨ ᠤᠭᠲᠠᠨᠢᠬᠤ ᠤᠷᠴᠢᠨ ᠠᠬᠤᠢ ᠵᠢ ᠴᠡᠴᠡᠭᠯᠡᠨ ᠲᠦᠪᠬᠢᠨᠡᠬᠦᠯᠬᠦ ᠵᠡᠷᠭᠡ ᠦᠨᠳᠦᠰᠨ ᠠᠭᠤᠯᠭ᠎ᠠ ᠶᠢᠨ ᠲᠤᠭᠤᠷᠢᠨ ᠳ᠋ᠤ ᠤᠯᠠᠨ ᠲᠠᠯᠠᠵᠢᠭᠰᠠᠨ ᠠᠮᠢ ᠠᠬᠤᠢ ᠵᠢ ᠤᠷᠢᠳ ᠢᠢᠡᠷ ᠪᠤᠳᠤᠯᠬᠢᠯᠠᠭᠰᠠᠨ ᠪᠤᠬᠢᠷᠲᠤᠯ ᠦᠭᠡᠢ ᠬᠦᠭᠵᠢᠯᠲᠡ ᠶᠢᠨ ᠵᠠᠮ ᠮᠦᠷ ᠢ ᠰᠦᠪᠡᠭᠴᠢᠯᠡᠪᠡᠯ ᠵᠣᠬᠢᠨ᠎ᠠ᠃ |
Original Literature |
View Original Paper
|
出自 |
内蒙古社会科学(蒙文版)
2019年
第2期
|