Title |
ᠦᠨᠳᠦᠰᠦᠲᠡᠨ ᠤ ᠪᠦᠯᠬᠦᠮᠲᠠᠯ ᠤᠨ ᠲᠤᠬᠠᠢ ᠠᠮᠠᠨ ᠲᠡᠦᠭᠡ ᠵᠢ ᠡᠮᠬᠢᠳᠭᠡᠵᠦ ᠰᠢᠨᠵᠢᠯᠡᠬᠦ ᠶᠢᠨ ᠲᠤᠯᠭᠠᠮ ᠴᠢᠠᠨᠷ |
Creator |
ᠨᠠᠷᠠᠨᠭᠡᠷᠡᠯ; ᠵᠢᠷᠠᠨᠲᠠᠢ |
Keyword |
ᠬᠢᠩᠭᠠᠨ ᠠᠢᠮᠠᠭ; ᠦᠨᠳᠦᠰᠦᠲᠡᠨ ᠤᠪᠦᠯᠬᠦᠮᠲᠠᠯ; ᠠᠮᠠᠨ ᠲᠡᠦᠭᠡ; ᠡᠮᠬᠢᠳᠭᠡᠯ ᠰᠢᠨᠵᠢᠯᠡᠯ |
Abstract |
ᠰᠢᠨ᠎ᠠ ᠲᠤᠮᠳᠠᠳᠤ ᠤᠯᠤᠰ ᠪᠠᠢᠭᠤᠯᠤᠯᠭᠳᠠᠭᠰᠠᠨ ᠡᠴᠡ ᠨᠠᠭᠠᠰᠢ ᠲᠤᠮᠳᠠᠳᠤ ᠤᠯᠤᠰ ᠤᠨ ᠡᠪ ᠬᠠᠮᠲᠤ ᠨᠠᠮ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠡᠭᠦᠳᠦᠨ ᠪᠠᠢᠭᠤᠯᠬᠤ ᠠᠵᠢᠯᠯᠠᠭ᠎ᠠ ᠵᠢ ᠦᠷᠨᠢᠬᠦᠯᠦᠨ ᠦᠯᠡᠮᠵᠢ ᠠᠮᠵᠢᠯᠲᠠ ᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠦᠢᠯᠡᠰ ᠦᠳᠲᠡᠷ ᠬᠦᠭᠵᠢᠭᠰᠡᠨ ᠪᠠᠢᠨ᠎ᠠ᠃ ᠭᠡᠪᠡᠴᠦ ᠡᠳᠡᠭᠡᠷ ᠦᠢᠯᠡᠳᠦᠯᠭᠡ ᠶᠢᠨ ᠠᠵᠢᠯᠯᠠᠭ᠎ᠠ ᠲᠠᠢ ᠬᠠᠷᠢᠴᠠᠭᠤᠯᠪᠠᠯ ᠦᠨᠳᠦᠰᠦᠲᠡᠨ ᠤ ᠠᠵᠢᠯ ᠤᠨ ᠲᠤᠷᠰᠢᠯᠭ᠎ᠠ ᠰᠤᠷᠭᠠᠮᠵᠢ᠂ ᠦᠨᠳᠦᠰᠦᠲᠡᠨ ᠤ ᠪᠦᠯᠬᠦᠮᠲᠡᠯ ᠲᠠᠪᠰᠢᠯᠲᠠ ᠶᠢᠨ ᠲᠡᠦᠭᠡ ᠵᠢ ᠡᠮᠬᠢᠳᠭᠡᠨ ᠰᠢᠨᠵᠢᠯᠡᠭᠰᠡᠨ ᠲᠠᠯ ᠠ ᠪᠡᠷ ᠬᠦᠢᠴᠡᠳ ᠦᠭᠡᠢ ᠪᠠᠢᠭᠰᠠᠭᠠᠷ᠃ ᠦᠨᠳᠦᠰᠦᠲᠡᠨ ᠤ ᠪᠦᠯᠬᠦᠮᠳᠡᠯ ᠤᠨ ᠲᠤᠬᠠᠢ ᠠᠮᠠᠨ ᠲᠡᠦᠭᠡ ᠵᠢ ᠡᠮᠬᠢᠳᠭᠡᠨ ᠰᠢᠨᠵᠢᠯᠡᠬᠦ ᠨᠢ ᠦᠨᠳᠦᠰᠦᠲᠡᠨ ᠤ ᠪᠦᠯᠬᠦᠮᠳᠡᠯ ᠤᠨ ᠬᠦᠮᠦᠵᠢᠯ ᠢ ᠬᠦᠨᠵᠡᠭᠡᠢᠢᠷᠡᠬᠦᠯᠬᠦ᠂ ᠦᠨᠳᠦᠰᠦᠲᠡᠨ ᠤ ᠰᠣᠶᠣᠯ ᠢᠡᠨ ᠬᠠᠳᠠᠭᠠᠯᠠᠨ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ᠂ ᠦᠨᠳᠦᠰᠦᠲᠡᠨ ᠤ ᠰᠣᠶᠣᠯ ᠤᠨ ᠵᠤᠭᠠᠴᠠᠯ ᠢ ᠠᠬᠢᠭᠤᠯᠬᠤ ᠶᠢᠨ ᠲᠤᠯᠭᠠᠮ ᠠᠰᠠᠭᠤᠳᠠᠯ ᠪᠤᠯᠤᠨ᠎ᠠ᠃ |
Original Literature |
View Original Paper
|
出自 |
蒙古学研究
2019年
第3期
|