Abstract |
ᠲᠤᠮᠳᠠᠳᠤ ᠤᠯᠤᠰ ᠤᠨ ᠤᠳᠬ᠎ᠠ ᠵᠤᠬᠢᠶᠠᠯ ᠤᠨ ᠲᠡᠦᠬᠡᠨ ᠳᠤ ᠲᠤᠭᠤᠵᠢᠰ ᠪᠦᠳᠦᠭᠡᠯᠭᠡ᠂ ᠹᠸᠯᠸᠲ᠋ᠤᠨ ᠲᠤᠭᠤᠷᠪᠢᠯ᠂ ᠤᠷᠠᠨ ᠵᠤᠬᠢᠶᠠᠯ ᠤᠨ ᠤᠷᠴᠢᠭᠤᠯᠭ᠎ᠠ᠂ ᠡᠷᠳᠡᠮ ᠰᠢᠨᠵᠢᠯᠡᠭᠡᠨ ᠤ ᠠᠵᠢᠯᠯᠠᠭ᠎ᠠ ᠪᠡᠷ ᠶᠢᠡᠨ ᠭᠠᠷᠮᠠᠭᠠᠢ ᠵᠢᠳᠭᠦᠯ ᠦᠵᠡᠭᠦᠯᠦᠭᠰᠡᠨ ᠯᠦ ᠰᠢᠶᠦ᠋ᠨ ᠠᠪᠤᠭᠠᠢ ᠪᠤᠯ ᠲᠡᠯᠡᠬᠡᠢ ᠳᠡᠬᠢᠨ ᠳᠤ ᠠᠯᠳᠠᠷᠰᠢᠨ ᠮᠡᠳᠡᠷᠡᠭᠳᠡᠭᠰᠡᠨ ᠠᠪᠤᠷᠭᠤ ᠬᠦᠮᠦᠨ ᠶᠤᠮ᠃ ᠲᠡᠭᠦᠨ ᠤ ᠵᠤᠬᠢᠶᠠᠯ ᠪᠦᠳᠦᠭᠡᠯ ᠤᠯᠠᠨ ᠤᠯᠤᠰ ᠲᠤ ᠤᠷᠴᠢᠭᠤᠯᠤᠭᠳᠠᠨ ᠲᠠᠷᠬᠠᠪᠠ᠃ ᠦᠭᠦᠯᠡᠯ ᠳᠤ᠂ ᠶᠡᠬᠡ ᠲᠦᠯᠦᠪ 1952 ᠤᠨ ᠡᠴᠡ 1985 ᠤᠨ ᠤ ᠬᠤᠭᠤᠷᠤᠨᠳᠤ ᠮᠤᠩᠭ᠋ᠤᠯ ᠤᠯᠤᠰ ᠲᠤ ᠯᠦ ᠰᠢᠶᠦ᠋ᠨ ᠤ ᠵᠤᠬᠢᠶᠠᠯ ᠪᠦᠳᠦᠭᠡᠯ ᠤᠷᠴᠢᠭᠤᠯᠤᠭᠳᠠᠭᠰᠠᠨ ᠲᠤᠢ᠌ᠮᠤ ᠪᠠᠢ᠌ᠳᠠᠯ ᠢ ᠦᠭᠦᠯᠡᠨ᠂ ᠮᠤᠩᠭ᠋ᠤᠯ ᠤᠯᠤᠰ ᠲᠤ ᠯᠤ ᠰᠢᠶᠦ᠋ᠨ ᠤ ᠵᠤᠬᠢᠶᠠᠯ ᠪᠦᠳᠦᠭᠡᠯ ᠲᠡᠯᠭᠡᠷᠡᠭᠰᠡᠨ ᠲᠡᠦᠬᠡᠨ ᠵᠠᠮᠨᠠᠯ ᠢ ᠲᠤᠳᠤᠷᠠᠭᠤᠯᠬᠤ ᠶᠢᠨ ᠲᠠᠭᠠᠤ ᠮᠤᠩᠭ᠋ᠤᠯ ᠤᠯᠤᠰ ᠲᠤ ᠤᠷᠴᠢᠭᠤᠯᠤᠭᠳᠠᠭᠰᠠᠨ ᠵᠠᠷᠢᠮ ᠪᠦᠳᠦᠭᠡᠯ ᠢ ᠮᠠᠨ ᠤ ᠤᠯᠤᠰ ᠲᠤ ᠬᠡᠪᠯᠡᠬᠦ ᠪᠠ ᠲᠠᠨᠢᠯᠴᠠᠭᠤᠯᠬᠤ ᠦᠶ᠎ᠡ ᠳᠤ ᠭᠠᠷᠭᠠᠭᠰᠠᠨ ᠡᠳᠦᠢ ᠲᠡᠳᠦᠢ ᠠᠰᠠᠭᠤᠳᠠᠯ ᠢ ᠵᠢᠭᠠᠨ ᠭᠠᠷᠭᠠᠪᠠ᠃ |