Title |
ᠦᠪᠦᠷ ᠮᠣᠩᠭᠤᠯ ᠤᠷᠤᠨ ᠳ᠋ᠡᠬᠢ ᠮᠣᠩᠭᠤᠯ ᠰᠣᠨᠢᠨ ᠤ ᠲᠡᠦᠭᠡᠨ ᠬᠦᠭᠵᠢᠯᠲᠡ ᠶᠢᠨ ᠪᠠᠢᠳᠠᠯ |
Creator |
ᠵᠢᠶᠠᠩ ᠱᠦ ᠫᠢᠩ |
Keyword |
ᠦᠪᠦᠷ ᠮᠣᠩᠭᠤᠯ ᠤᠨ ᠪᠠᠭᠰᠢ ᠶᠢᠨ ᠶᠡᠬᠡ ᠰᠤᠷᠭᠠᠭᠤᠯᠢ ᠶᠢᠨ ᠲᠡᠭᠡᠳᠦ ᠰᠤᠷᠭᠠᠭᠤᠯᠢ ᠶᠢᠨ ᠲᠡᠳ᠋ ᠫᠷᠣᠹᠸᠰᠰᠤᠷ᠂ |
Abstract |
ᠮᠣᠩᠭᠤᠯ ᠰᠣᠨᠢᠨ ᠪᠤᠯ ᠦᠷᠭᠡᠨ ᠤᠯᠠᠨ ᠮᠣᠩᠭᠤᠯᠴᠤᠳ ᠤᠨ ᠮᠡᠳᠡᠭᠡ ᠵᠠᠩᠬᠢ ᠬᠦᠷᠲᠡᠬᠦ ᠴᠢᠬᠤᠯᠠ ᠮᠡᠳᠡᠭᠡᠯᠡᠯ ᠤᠨ ᠬᠡᠷᠡᠭᠰᠡᠯ ᠪᠤᠯᠤᠨ᠎ᠠ᠂ ᠮᠦᠨᠴᠦ ᠪᠦᠬᠦᠢᠯᠡ ᠰᠣᠨᠢᠨ ᠮᠡᠳᠡᠭᠡᠯᠡᠯ ᠤᠨ ᠦᠢᠯᠡᠰ ᠤᠨ ᠡᠬᠢᠯᠡᠯᠲᠡ ᠪᠤᠯᠳᠠᠭ᠃ ᠮᠣᠩᠭᠤᠯ ᠰᠣᠨᠢᠨ ᠤ ᠬᠦᠭᠵᠢᠯᠲᠡ ᠪᠤᠯ ᠶᠡᠷᠦᠨᠢ ᠲᠤᠬᠠᠢ ᠶᠢᠨ ᠦᠶ ᠠ ᠶᠢᠨ ᠠᠬᠤᠢ ᠪᠠᠢᠳᠠᠯ ᠲᠠᠢ ᠨᠢᠭᠲᠠ ᠬᠠᠷᠢᠴᠠᠭ᠎ᠠ ᠲᠠᠢ᠃ ᠠᠳᠠᠯᠢ ᠪᠤᠰᠤ ᠶᠢᠨ ᠲᠡᠦᠭᠡᠨ ᠱᠠᠲᠤᠨ ᠳ᠋ᠤ ᠠᠳᠠᠯᠢ ᠪᠤᠰᠤ ᠬᠦᠭᠵᠢᠯᠲᠡ ᠲᠠᠢ ᠪᠠᠢᠵᠤ᠂ ᠵᠠᠭᠤ ᠢᠯᠡᠬᠦᠦ ᠵᠢᠯ ᠤᠨ ᠲᠡᠦᠭᠡᠨ ᠬᠦᠭᠵᠢᠯᠲᠡ ᠶᠢᠨ ᠶᠠᠪᠤᠴᠠ ᠳ᠋ᠤ ᠤᠯᠠᠨ ᠠᠷᠪᠢᠨ ᠮᠤᠷᠤᠢ ᠰᠠᠷᠤᠢ ᠵᠠᠮ ᠢ ᠲᠤᠭᠤᠯᠤᠨ ᠦᠪᠡᠷ ᠤᠨ ᠬᠦᠭᠵᠢᠯᠲᠡ ᠶᠢᠨ ᠵᠢᠮ ᠠ ᠵᠢ ᠪᠦᠷᠢᠯᠳᠦᠬᠦᠯᠵᠡᠢ᠃ ᠡᠨᠲᠡ ᠵᠤᠬᠢᠶᠠᠭᠴᠢ ᠡᠴᠡ ᠮᠣᠨᠭᠤᠯ ᠰᠣᠨᠢᠨ ᠤ ᠲᠡᠦᠭᠡᠨ ᠬᠦᠭᠵᠢᠯᠲᠡ ᠶᠢᠨ ᠶᠠᠪᠤᠴᠠ ᠵᠢ ᠴᠠᠭ ᠦᠶ ᠠ ᠪᠡᠷ ᠵᠠᠭᠠᠭᠯᠠᠨ ᠲᠤᠳᠤᠷᠬᠠᠢ ᠲᠤᠰᠢᠶᠠᠬᠤ ᠶᠢᠨ ᠲᠠᠠᠭᠤ ᠮᠣᠩᠭᠤᠯ ᠰᠣᠨᠢᠨ ᠤ ᠬᠦᠭᠵᠢᠯᠲᠡ ᠶᠢᠨ ᠲᠡᠦᠭᠡᠨ ᠠᠬᠤᠢ ᠪᠠᠢᠳᠠᠯ ᠰᠢᠨᠵᠢᠯᠡᠬᠦ ᠵᠢ ᠵᠤᠷᠢᠵᠠᠢ᠃ |
Original Literature |
View Original Paper
|
出自 |
蒙古学研究
2019年
第4期
|