Title |
ᠮᠠᠯ ᠢᠢᠡᠷ ᠲᠤᠷᠭᠠᠬᠤ ᠲᠦᠷᠢᠮ ᠤᠨ ᠢᠷᠭᠡᠨ ᠤ ᠡᠷᠭᠡ ᠵᠦᠢ ᠶᠢᠨ ᠬᠠᠷᠢᠴᠠᠭᠠᠨ ᠳ᠋ᠡᠬᠢ ᠭᠡᠷᠡᠭᠵᠢᠬᠦᠯᠦᠯᠲᠡ ᠶᠢᠨ ᠲᠤᠬᠠᠢ |
Creator |
ᠪᠤᠤ ᠴᠣᠯᠮᠤᠨ |
Keyword |
ᠮᠣᠩᠭᠤᠯ ᠦᠨᠳᠦᠰᠦᠲᠡᠨ; ᠮᠠᠯ ᠢᠢᠡᠷ ᠲᠤᠷᠭᠠᠬᠤ ᠲᠦᠷᠢᠮ; ᠢᠷᠭᠡᠨ ᠤ ᠡᠷᠭᠡ ᠵᠦᠢ ᠶᠢᠨ ᠬᠠᠷᠢᠴᠠᠭ᠎ᠠ |
Abstract |
ᠮᠠᠯ ᠢᠢᠡᠷ ᠲᠤᠷᠭᠠᠬᠤ ᠨᠢ ᠨᠢᠭᠡ ᠵᠦᠢᠯ ᠤᠨ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ ᠬᠡᠯᠪᠡᠷᠢ ᠪᠤᠯᠤᠭᠰᠠᠨ ᠤ ᠬᠤᠪᠢ ᠳ᠋ᠤ᠂ ᠬᠠᠤᠯᠢ ᠵᠦᠷᠢᠴᠡᠭᠰᠡᠡᠳ ᠢ ᠵᠤᠬᠢᠬᠤ ᠬᠡᠮᠵᠢᠶᠠᠨ ᠤ ᠮᠠᠯ ᠤᠨᠤᠭ᠎ᠠ ᠪᠡᠷ ᠲᠤᠷᠭᠠᠳᠠᠭ ᠨᠢ ᠡᠷᠲᠡᠨ ᠤ ᠮᠣᠩᠭᠤᠯ ᠤᠨ ᠬᠠᠤᠯᠢ ᠲᠦᠷᠢᠮ ᠤᠨ ᠦᠪᠡᠷᠮᠢᠴᠡ ᠣᠨᠴᠠᠯᠢᠭ ᠪᠠᠢᠵᠤ᠂ ᠮᠣᠩᠭᠤᠯ ᠦᠨᠳᠦᠰᠦᠲᠡᠨ ᠤ ᠬᠠᠤᠯᠢ ᠴᠠᠭᠠᠵᠠ ᠶᠢᠨ ᠰᠢᠰᠲ᠋ᠸᠮ ᠳ᠋ᠤ ᠤᠨᠴᠠᠭᠠᠢ ᠪᠠᠢᠷᠢ ᠰᠠᠭᠤᠷᠢ ᠵᠢ ᠡᠵᠡᠯᠡᠳᠡᠭ᠃ ᠤᠮᠠᠷᠠᠲᠤ ᠶᠤᠸᠠᠨ ᠤᠯᠤᠰ ᠤᠨ ᠦᠶ ᠠ ᠳ᠋ᠤ᠂ ᠮᠠᠯ ᠢᠢᠡᠷ ᠲᠤᠷᠭᠠᠬᠤ ᠲᠦᠷᠢᠮ ᠨᠢ ᠲᠤᠬᠠᠢ ᠶᠢᠨ ᠦᠶ ᠠ ᠶᠢᠨ ᠮᠣᠩᠭᠤᠯ ᠬᠠᠤᠯᠢ ᠲᠦᠷᠢᠮ ᠳ᠋ᠡᠬᠢ ᠬᠠᠤᠯᠢ ᠴᠠᠭᠠᠵᠠ ᠶᠢᠨ ᠬᠠᠷᠢᠭᠤᠴᠯᠠᠭ᠎ᠠ ᠨᠡᠭᠡᠮᠵᠢᠯᠡᠬᠦ ᠭᠤᠤᠯ ᠠᠷᠭ᠎ᠠ ᠬᠡᠮᠵᠢᠶ ᠠ ᠪᠠᠢᠵᠦ᠂ ᠤᠷᠤᠭ ᠭᠡᠷ ᠪᠦᠯᠢ᠂ ᠦᠪ ᠵᠠᠯᠭᠠᠮᠵᠢᠯᠠᠬᠤ᠂ ᠠᠪᠴᠠᠭ᠎ᠠ ᠦᠭᠴᠡᠭᠡ᠂ ᠰᠤᠷᠭᠠᠨ ᠬᠦᠮᠦᠵᠢᠯ ᠵᠡᠷᠭᠡ ᠢᠷᠭᠡᠨ ᠤ ᠡᠷᠭᠡ ᠵᠦᠢ ᠶᠢᠨ ᠬᠠᠷᠢᠴᠠᠭ᠎ᠠ ᠵᠢ ᠲᠤᠬᠢᠷᠠᠭᠤᠯᠤᠨ ᠲᠦᠷᠢᠮᠵᠢᠬᠦᠯᠬᠦ ᠳ᠋ᠤ ᠴᠢᠬᠤᠯᠠ ᠦᠢᠯᠡᠳᠦᠯ ᠪᠠᠳᠠᠷᠠᠭᠤᠯᠵᠤ ᠪᠠᠢᠵᠠᠢ᠃ |
Original Literature |
View Original Paper
|
出自 |
中国蒙古学
2020年
第4期
|