Title |
《ᠡᠪᠡᠰᠦ ᠨᠠᠪᠴᠢ ᠶᠢᠨ ᠲᠡᠭᠦᠪᠦᠷᠢ》 ᠵᠢ ᠮᠣᠩᠭᠤᠯᠴᠢᠠᠯᠭᠰᠠᠨ ᠠᠷᠭ᠎ᠠ ᠵᠦᠢ ᠶᠢᠨ ᠰᠢᠨᠵᠢᠯᠡᠯ |
Creator |
ᠬᠤᠩ ᠭᠸ; ᠰᠤᠷᠭᠠᠯᠲᠤ |
Keyword |
《ᠡᠪᠡᠰᠦ ᠨᠠᠪᠴᠢ ᠶᠢᠨ ᠲᠡᠭᠦᠪᠦᠷᠢ》; ᠮᠣᠩᠭᠤᠯ ᠤᠷᠴᠢᠭᠤᠯᠭ᠎ᠠ; ᠠᠷᠭ᠎ᠠ ᠵᠦᠢ |
Abstract |
ᠤᠷᠴᠢᠭᠤᠯᠭ᠎ᠠ ᠶᠢᠨ ᠤᠬᠠᠭᠠᠨ ᠪᠤᠯ ᠬᠠᠷᠢᠴᠠᠭᠤᠯᠤᠭᠰᠠᠨ ᠤᠳᠬ ᠠ ᠵᠤᠬᠢᠶᠠᠯ ᠤᠨ ᠴᠢᠬᠤᠯᠠ ᠨᠢᠭᠡᠨ ᠰᠣᠳᠤᠯᠭᠠᠨ ᠤ ᠰᠠᠯᠪᠤᠷᠢ ᠪᠤᠯᠤᠨ᠎ᠠ᠃ ᠲᠡᠷᠡ ᠨᠢ ᠬᠠᠷᠢᠴᠠᠭᠤᠯᠤᠯ ᠤᠨ ᠬᠠᠷᠠᠭᠠᠨ ᠡᠴᠡ ᠡᠭᠦᠰᠴᠦ ᠬᠤᠶᠠᠷ ᠬᠡᠯᠡᠨ ᠤ ᠤᠳᠬ ᠠ ᠵᠤᠬᠢᠶᠠᠯ ᠤᠨ ᠬᠤᠭᠤᠷᠤᠨᠳᠤᠬᠢ ᠬᠠᠷᠢᠴᠠᠭ᠎ᠠ ᠵᠢ ᠰᠣᠳᠤᠯᠳᠠᠭ ᠰᠢᠨᠵᠢᠯᠡᠭᠡᠨ ᠤ ᠰᠠᠯᠠᠭ᠎ᠠ ᠪᠦᠭᠡᠳ ᠡᠨᠡ ᠬᠦ ᠰᠢᠨᠵᠢᠯᠡᠭᠡ ᠨᠢ ᠵᠠᠪᠠᠯ ᠦᠨᠳᠦᠰᠦᠲᠡᠨ ᠠᠯᠤᠰᠯᠠᠭᠰᠠᠨ᠂ ᠰᠣᠶᠣᠯ ᠠᠯᠤᠰᠯᠠᠭᠰᠠᠨ᠂ ᠬᠡᠯᠡ ᠠᠯᠤᠰᠯᠠᠭᠰᠠᠨ᠂ ᠰᠢᠨᠵᠢᠯᠡᠭᠡᠨ ᠤ ᠰᠠᠯᠠᠭ᠎ᠠ ᠠᠯᠤᠰᠯᠠᠭᠰᠠᠨ ᠪᠠᠢᠥᠬᠤ ᠭᠡᠷᠡᠭᠲᠡᠢ᠃ ᠬᠠᠷᠢᠴᠠᠭᠤᠯᠤᠭᠰᠠᠨ ᠤᠳᠬ ᠠ ᠵᠤᠬᠢᠶᠠᠯ ᠳ᠋ᠡᠬᠢ ᠣᠷᠴᠢᠭᠤᠯᠭ᠎ᠠ ᠶᠢᠨ ᠤᠬᠠᠭᠠᠨ ᠨᠢ ᠤᠯᠤᠰ ᠤᠨ ᠤᠳᠬ ᠠ ᠵᠤᠬᠢᠶᠠᠯ ᠪᠤᠯᠤᠨ ᠲᠡᠯᠡᠬᠡᠢ ᠶᠢᠨ ᠤᠳᠬ ᠠ ᠵᠤᠬᠢᠶᠠᠯ ᠤᠨ ᠬᠤᠭᠤᠷᠤᠨᠳᠤᠬᠢ ᠰᠣᠯᠢᠯᠴᠠᠭ᠎ᠠ ᠪᠡᠷ ᠰᠠᠭᠤᠷᠢ ᠪᠤᠯᠭᠠᠳᠠᠭ᠃ ᠡᠨᠡ ᠬᠦ ᠤᠳᠬ ᠠ ᠵᠤᠬᠢᠶᠠᠯ ᠤᠨ ᠰᠣᠯᠢᠯᠴᠠᠭᠠᠨ ᠤ ᠲᠤᠮᠳᠠ ᠤᠷᠴᠢᠭᠤᠯᠭ᠎ᠠ ᠶᠢᠨᠪᠦᠲᠦᠭᠡᠯ ᠨᠢ ᠦᠭᠡᠷ ᠠ ᠪᠤᠰᠤᠳ ᠤᠯᠤᠰ ᠤᠨ ᠤᠳᠬ ᠠ ᠵᠤᠬᠢᠶᠠᠯ ᠳ᠋ᠤ ᠶᠠᠮᠠᠷ ᠨᠦᠯᠦᠭᠡ ᠦᠵᠡᠭᠦᠯᠦᠭᠰᠡᠨ ᠢ ᠰᠣᠳᠤᠯᠬᠤ ᠶᠢᠨ ᠬᠠᠮᠲᠤ ᠪᠠᠰᠠ ᠣᠷᠴᠢᠭᠤᠯᠭ᠎ᠠ ᠶᠢᠨ ᠠᠷᠭ᠎ᠠ ᠮᠠᠶᠢᠭ ᠢ ᠴᠦ ᠰᠣᠳᠤᠯᠳᠠᠭ᠃ ᠠᠷᠲᠠᠢ ᠪᠡᠷ ᠸᠸᠢᠢᠲ᠋ᠮᠠᠨ ᠤ《 ᠡᠪᠡᠰᠦ ᠨᠠᠪᠴᠢ ᠶᠢᠨ ᠲᠡᠭᠦᠪᠦᠷᠢ》 ᠵᠢ ᠤᠷᠴᠢᠭᠤᠯᠬᠤ ᠳ᠋ᠠᠭᠠᠨ ᠰᠢᠭᠤᠳ ᠤᠷᠴᠢᠭᠤᠯᠬᠠ ᠠᠷᠭ᠎ᠠ ᠪᠤᠯᠤᠨ ᠤᠳᠬᠠᠴᠢᠯᠠᠨ ᠤᠷᠴᠢᠭᠤᠯᠬᠤ ᠠᠷᠭ᠎ᠠ ᠵᠢ ᠬᠡᠷᠡᠭᠯᠡᠭᠰᠡᠨ ᠡᠴᠡ ᠭᠠᠳᠠᠨ᠎ᠠ ᠪᠠᠰᠠ ᠬᠠᠷᠢᠴᠠᠭᠤᠯᠤᠭᠰᠠᠨ ᠤᠳᠬ ᠠ ᠵᠤᠬᠢᠶᠠᠯ ᠤᠨ ᠰᠠᠯᠪᠤᠷᠢ ᠳ᠋ᠡᠬᠢ ᠤᠷᠴᠢᠭᠤᠯᠭ᠎ᠠ ᠶᠢᠨ ᠤᠬᠠᠭᠠᠨ ᠤ ᠢᠵᠢᠯᠢᠰᠢᠬᠦᠯᠦᠯ ᠤᠨ ᠠᠷᠭ᠎ᠠ ᠪᠤᠯᠤᠨ ᠤᠨᠳᠤᠤᠰᠢᠯ ᠤᠨ ᠠᠷᠭ᠎ᠠ ᠵᠢ ᠬᠡᠷᠡᠭᠯᠡᠭᠰᠡᠨ ᠪᠠᠢᠨ᠎ᠠ᠃ |
Original Literature |
View Original Paper
|
出自 |
中国蒙古学
2020年
第4期
|