Title |
ᠰᠢᠨ᠎ᠠ ᠴᠠᠭ ᠦᠶ ᠡ ᠳ᠋ᠤ ᠦᠪᠦᠷ ᠮᠣᠩᠭᠤᠯ ᠤᠨ ᠦᠨᠳᠦᠰᠦᠲᠡᠨ ᠤ ᠪᠦᠯᠬᠦᠮᠲᠡᠯ ᠢ ᠪᠡᠬᠢᠵᠢᠬᠦᠯᠦᠨ ᠬᠦᠭᠵᠢᠬᠦᠯᠬᠦ ᠲᠤᠬᠠᠢ ᠦᠭᠦᠯᠡᠬᠦ ᠨᠢ |
Creator |
ᠶᠢᠩ ᠭᠸ |
Keyword |
ᠨᠠᠮ ᠤᠨ ᠤᠳᠤᠷᠢᠳᠤᠯᠭ᠎ᠠ;ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠪᠠᠢᠭᠤᠯᠤᠯ; ᠦᠨᠳᠦᠰᠦᠲᠡᠨ ᠤ ᠪᠦᠯᠬᠦᠮᠳᠡᠯ |
Abstract |
ᠦᠪᠦᠷ ᠮᠣᠩᠭᠤᠯ ᠪᠤᠯ ᠮᠠᠨ ᠤ ᠤᠯᠤᠰ ᠤᠨ ᠬᠠᠮᠤᠭ ᠤᠨ ᠡᠷᠲᠡ ᠪᠠᠢᠭᠤᠯᠤᠭᠳᠠᠭᠰᠠᠨ ᠦᠨᠳᠦᠰᠦᠲᠡᠨ ᠤ ᠦᠪᠡᠷᠲᠡᠭᠡᠨ ᠵᠠᠰᠠᠬᠤ ᠤᠷᠤᠨ ᠪᠠᠢᠵᠤ᠂ ᠦᠨᠳᠦᠰᠦᠲᠡᠨ ᠤ ᠪᠦᠯᠬᠦᠮᠳᠡᠯ ᠤᠨ ᠢᠷᠠᠭᠤ ᠠᠯᠳᠠᠷᠲᠤ ᠤᠯᠠᠮᠵᠢᠯᠠᠯ ᠲᠠᠢ ᠶᠣᠮ᠃ ᠤᠯᠤᠰ ᠤᠨ ᠬᠠᠮᠤᠭ ᠤᠨ ᠲᠡᠭᠡᠳᠦ ᠠᠰᠢᠭ ᠲᠤᠰᠠ ᠪᠤᠯᠤᠨ ᠦᠨᠳᠦᠰᠦᠲᠡᠨ ᠤ ᠪᠦᠯᠬᠦᠮᠳᠡᠯ ᠤᠨ ᠶᠠᠬᠠ ᠲᠠᠯ ᠠ ᠵᠢ ᠬᠠᠮᠠᠭᠠᠯᠠᠬᠤ ᠪᠤᠯ ᠦᠪᠦᠷ ᠮᠣᠩᠭᠤᠯ ᠤᠨ ᠡᠭᠦᠷᠭᠡᠯᠡᠵᠦ ᠪᠠᠢᠭ᠎ᠠ ᠤᠯᠤᠰ ᠤᠨ ᠬᠠᠷᠢᠭᠤᠴᠠᠯᠭ᠎ᠠ ᠪᠤᠯᠬᠤ ᠪᠦᠭᠡᠳ ᠪᠠᠰᠠ ᠴᠦ ᠦᠪᠦᠷ ᠮᠣᠩᠭᠤᠯ ᠤᠨ ᠦᠨᠳᠦᠰᠦᠲᠡᠨ ᠨᠣᠭᠦᠳ ᠤᠨ ᠠᠷᠠᠳ ᠲᠦᠮᠡᠨ ᠤ ᠬᠠᠮᠲᠤ ᠶᠢᠨ ᠬᠦᠭᠡᠭᠡᠴᠡᠯᠳᠦᠯ ᠪᠠ ᠬᠦᠰᠡᠯ ᠡᠷᠡᠮᠡᠯᠵᠠᠯ ᠪᠤᠯᠤᠨ᠎ᠠ᠃ ᠦᠪᠦᠷ ᠮᠣᠩᠭᠤᠯ ᠤᠨ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠦᠢᠯᠡᠰ ᠢ ᠲᠦᠯᠬᠢᠨ ᠠᠬᠢᠭᠤᠯᠤᠭᠰᠠᠨ ᠠᠷᠭ᠎ᠠ ᠭᠡᠮᠵᠢᠶ ᠠ ᠪᠤᠯᠤᠨ ᠲᠤᠷᠰᠢᠯᠭ᠎ᠠ ᠵᠢ ᠳ᠋ᠦᠩᠨᠡᠪᠡᠯ᠂ ᠨᠠᠮ ᠤᠨᠪᠠᠲᠤ ᠴᠢᠩᠭ᠎ᠠ ᠤᠳᠤᠷᠢᠳᠤᠯᠭ᠎ᠠ ᠪᠤᠯ ᠦᠨᠳᠦᠰᠦᠨ ᠪᠠᠲᠤᠯᠠᠭ᠎ᠠ᠂ ᠦᠨᠳᠦᠰᠦᠨᠳᠡᠨ ᠨᠣᠭᠦᠳ ᠤᠨ ᠬᠠᠮᠲᠤ ᠪᠡᠷ ᠴᠡᠴᠡᠭᠯᠡᠨ ᠬᠦᠭᠵᠢᠬᠦ ᠵᠢ ᠠᠬᠢᠭᠤᠯᠬᠤ ᠪᠤᠯ ᠪᠠᠲᠤ ᠪᠡᠬᠢ ᠰᠠᠭᠤᠷᠢ᠂ ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠪᠠᠢᠭᠤᠯᠤᠯ ᠢ ᠪᠠᠷᠢᠮᠲᠠᠯᠠᠨ ᠲᠡᠭᠦᠯᠳᠡᠷᠵᠢᠬᠦᠯᠬᠦ ᠪᠤᠯ ᠪᠠᠢᠭᠤᠯᠤᠯ ᠤᠨ ᠪᠠᠲᠤᠯᠠᠭ᠎ᠠ᠂ ᠡᠯ ᠠ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠤᠷᠤᠨ ᠢ ᠪᠠᠢᠭᠤᠯᠬᠤ ᠪᠤᠯ ᠤᠶᠤᠨ ᠤ ᠬᠤᠯᠪᠤᠭᠠᠰᠤ ᠪᠤᠯᠬᠤ ᠶᠣᠮ᠃ |
Original Literature |
View Original Paper
|
出自 |
内蒙古社会科学(蒙文版)
2021年
第5期
|