Abstract |
ᠬᠦᠯᠦᠨ ᠪᠤᠢᠷ ᠤᠨ ᠪᠠᠷᠭᠤ ᠠᠷᠠᠳ ᠤᠨ ᠲᠠᠭᠤᠤ ᠶᠢᠨ ᠴᠤᠭᠯᠠᠭᠤᠯᠭ᠎ᠠ ᠡᠮᠬᠢᠳᠭᠡᠯ ᠤᠨ ᠠᠵᠢᠯ ᠶᠡᠬᠡ ᠲᠦᠯᠦᠪ 20ᠳ᠋ᠤᠭᠠᠷ ᠵᠠᠭᠤᠨ ᠤ ᠲᠠᠪᠢᠭᠠᠳ ᠣᠨ ᠡᠴᠡ ᠡᠬᠢᠯᠡᠵᠦ᠂ ᠠᠩᠬ ᠠ ᠡᠬᠢᠨ ᠳ᠋ᠤ ᠪᠠᠨ ᠮᠣᠩᠭᠤᠯ ᠠᠷᠠᠳ ᠤᠨ ᠲᠠᠭᠤᠤ ᠶᠢᠨ ᠲᠡᠭᠦᠪᠦᠷᠢ ᠳ᠋ᠤ ᠬᠡᠰᠡᠭ ᠪᠤᠰᠠᠭ ᠢᠢᠡᠷ ᠲᠡᠮᠳᠡᠭᠯᠡᠭᠳᠡᠵᠦ ᠪᠠᠢᠭᠰᠠᠨ ᠡᠴᠡ ᠪᠠᠨ 20ᠳ᠋ᠤᠭᠠᠷ ᠵᠠᠭᠤᠨ ᠤ ᠨᠠᠶᠠᠭᠠᠳ ᠣᠨ ᠡᠴᠡ ᠨᠠᠭᠠᠰᠢ ᠬᠦᠷᠢᠶ ᠠ ᠴᠠᠷᠠᠭ᠎ᠠ ᠨᠢ ᠦᠷᠭᠡᠵᠢᠵᠦ᠂ ᠤᠷᠢᠳ ᠬᠤᠵᠢᠳ ᠭᠡᠳᠦ ᠭᠡᠳᠦᠨ ᠲᠤᠰᠬᠠᠢ ᠡᠮᠬᠢᠳᠭᠡᠯ ᠬᠡᠪᠯᠡᠭᠳᠡᠨ᠂ ᠮᠣᠩᠭᠤᠯ ᠠᠷᠠᠳ ᠤᠨ ᠲᠠᠭᠤᠤ ᠶᠢᠨ ᠰᠣᠳᠤᠯᠭᠠᠨ ᠳ᠋ᠤ ᠴᠢᠬᠤᠯᠠ ᠡᠬᠡ ᠬᠡᠷᠡᠭᠯᠡᠭᠳᠡᠬᠦᠨ ᠢ ᠬᠠᠩᠭᠠᠵᠤ ᠦᠭᠭᠦᠭᠰᠡᠨ ᠪᠠᠢᠨ᠎ᠠ᠃ ᠦᠭᠦᠯᠡᠯ ᠳ᠋ᠤ᠂ ᠬᠦᠯᠦᠨ ᠪᠤᠢᠷ ᠤᠨ ᠪᠠᠷᠭᠤ ᠠᠷᠠᠳ ᠤᠨ ᠲᠠᠭᠤᠤ ᠶᠢᠨ ᠴᠤᠭᠠᠯᠭᠤᠯᠭᠠ ᠡᠮᠬᠢᠳᠭᠡᠯ ᠤᠨ ᠲᠡᠦᠭᠡ ᠵᠢ ᠰᠢᠭᠦᠨ ᠲᠤᠩᠭᠠᠵᠤ᠂ ᠲᠡᠭᠦᠨ ᠤ ᠠᠮᠵᠢᠯᠲᠠ ᠪᠠ ᠬᠦᠷᠦᠯᠴᠡᠬᠦ ᠦᠭᠡᠢ ᠲᠠᠯ ᠠ ᠵᠢ ᠦᠭᠦᠯᠡᠵᠦ᠂ ᠬᠤᠢᠰᠢᠲᠠ ᠶᠢᠨ ᠠᠵᠢᠯ ᠳ᠋ᠤ ᠰᠠᠨᠠᠯ ᠵᠦᠪᠯᠡᠯᠭᠡ ᠲᠡᠪᠰᠢᠬᠦᠯᠡᠵᠡᠢ᠃ |