Title |
Hedonic ᠦᠨ᠎ᠡ ᠬᠠᠩᠰᠢ ᠶᠢᠨ ᠵᠠᠭᠪᠤᠷ ᠢ GIS ᠲᠠᠢ ᠤᠶᠠᠯᠳᠤᠭᠤᠯᠤᠭᠰᠠᠨ ᠬᠤᠳᠠᠯᠳᠤᠭᠠᠨ ᠤ ᠭᠡᠷ ᠦᠨ ᠦᠨ᠎ᠡ ᠬᠠᠩᠰᠢ ᠶᠢᠨ ᠢᠯᠡᠳᠭᠡᠮᠵᠢ ᠶᠢᠨ ᠰᠤᠳᠤᠯᠤᠯ |
Creator |
ᠯᠠᠢ ᠴᠢᠤᠸᠠᠨ; ᠲᠡᠷᠭᠡᠯ; ᠪᠤᠤ ᠢᠦᠢ ᠬᠠᠢ |
Keyword |
Hedonic ᠦᠨ᠎ᠡ ᠬᠠᠩᠰᠢ ᠶᠢᠨ ᠵᠠᠭᠪᠤᠷ; GIS; Arcmap; ᠬᠤᠳᠠᠯᠳᠤᠭᠠᠨ ᠤ ᠭᠡᠷ ᠦᠨ ᠦᠨ᠎ᠡ ᠬᠠᠩᠰᠢ |
Abstract |
Hedonic ᠦᠨ᠎ᠡ ᠬᠠᠩᠰᠢ ᠶᠢᠨ ᠵᠠᠭᠪᠤᠷ ᠢ GIS ᠲᠠᠢ ᠤᠶᠠᠯᠳᠤᠭᠤᠯᠤᠨ ᠪᠠᠢᠭᠤᠯᠵᠤ᠂ ᠬᠦᠬᠡᠬᠤᠲᠠ ᠶᠢᠨ ᠭᠠᠷ ᠳᠠᠮᠵᠢᠭᠰᠠᠨ ᠭᠡᠷ ᠦᠨ ᠦᠨ᠎ᠡ ᠬᠠᠩᠰᠢ ᠶᠢᠨ ᠬᠠᠨᠳᠤᠰᠢ ᠶᠢ ᠨᠦᠯᠦᠭᠡᠯᠡᠬᠦ ᠲᠤᠰᠬᠠᠢ ᠡᠯᠧᠮᠧᠨ᠋ᠲ ᠢ ᠵᠠᠳᠠᠯᠪᠠ᠃ ᠬᠠᠮᠤᠭ ᠤᠨ ᠲᠡᠷᠢᠭᠦᠨ ᠳᠦ ᠬᠦᠬᠡᠬᠤᠲᠠ ᠶᠢᠨ ᠬᠤᠲᠠ ᠶᠢᠨ ᠲᠤᠭᠤᠷᠢᠭ ᠳᠠᠬᠢ ᠠᠳᠠᠯᠢ ᠪᠤᠰᠤ ᠬᠡᠯᠪᠡᠷᠢ ᠶᠢᠨ ᠭᠠᠷ ᠳᠠᠮᠵᠢᠭᠰᠠᠨ ᠭᠡᠷ ᠦᠨ ᠦᠨ᠎ᠡ ᠬᠠᠩᠰᠢ ᠶᠢ ᠲᠤᠬᠠᠢ ᠶᠢᠨ ᠭᠠᠵᠠᠷ ᠲᠤ ᠣᠴᠢᠵᠤ ᠠᠰᠠᠭᠤᠯᠲᠠ ᠶᠢᠨ ᠬᠠᠭᠤᠳᠠᠰᠤ ᠪᠠᠷ ᠪᠠᠢᠴᠠᠭᠠᠯᠲᠠ ᠬᠢᠵᠦ᠂ ᠭᠠᠵᠠᠷ ᠵᠦᠢ ᠶᠢᠨ ᠪᠠᠢᠷᠢᠰᠢᠯᠠᠯᠲᠠ᠂ ᠲᠠᠯᠠᠪᠠᠢ᠂ ᠪᠠᠷᠢᠯᠭ᠎ᠠ ᠶᠢᠨ ᠪᠦᠲᠦᠴᠡ ᠵᠢᠴᠢ ᠦᠷ᠎ᠡ ᠬᠠᠪᠢ ᠶᠢᠨ ᠣᠷᠴᠢᠨ ᠲᠤᠭᠤᠷᠢᠨ ᠵᠡᠷᠭᠡ ᠬᠤᠳᠠᠯᠳᠤᠭᠠᠨ ᠤ ᠭᠡᠷ ᠦᠨ ᠦᠨ᠎ᠡ ᠬᠠᠩᠰᠢ ᠶᠢ ᠨᠦᠯᠦᠭᠡᠯᠡᠬᠦ ᠡᠯᠧᠮᠧᠨ᠋ᠲ ᠢ ᠪᠠᠭᠲᠠᠭᠠᠭᠰᠠᠨ 689 ᠵᠤᠢᠯ ᠤᠨ ᠦᠯᠢᠭᠡᠷ ᠬᠡᠪ ᠦᠨ ᠬᠦᠮᠦᠷᠭᠡ ᠶᠢ ᠪᠠᠢᠭᠤᠯᠪᠠ᠃ ᠳᠠᠷᠠᠭ᠎ᠠ ᠳᠤᠨᠢ ArcGIS᠋ ᠢ ᠠᠰᠢᠭᠯᠠᠨ᠂ ᠬᠤᠲᠠ ᠶᠢᠨ ᠨᠤᠭᠤᠭᠠᠷᠠᠭᠤᠯᠤᠯᠲᠠ᠂ ᠬᠤᠲᠠ ᠶᠢᠨ ᠵᠠᠮ ᠬᠠᠷᠢᠯᠴᠠᠭᠠᠨ ᠤ ᠰᠦᠯᠵᠢᠶ᠎ᠡ ᠵᠡᠷᠭᠡ ᠴᠢᠭᠯᠡᠯᠲᠦ ᠬᠡᠮᠵᠢᠭᠳᠡᠭᠦᠨ ᠦ ᠳ᠋ᠠᠢᠲ᠋ᠠ ᠬᠦᠷᠮᠦᠭᠡ ᠶᠢ ᠪᠠᠢᠭᠤᠯᠵᠤ᠂ ᠦᠯᠢᠭᠡᠷ ᠬᠡᠪ ᠲᠦ ᠪᠡᠨ ᠣᠷᠤᠨ ᠵᠠᠢ ᠶᠢᠨ ᠵᠠᠳᠠᠯᠤᠯᠲᠠ ᠬᠢᠵᠦ᠂ ᠬᠦᠷᠰᠢ ᠰᠠᠭᠠᠯᠲᠠ ᠶᠢᠨ ᠦᠪᠡᠷᠮᠢᠴᠡ ᠣᠨᠴᠠᠯᠢᠭ ᠤᠨ ᠬᠠᠷᠢᠴᠠᠭ᠎ᠠ ᠶᠢ ᠪᠠᠢᠭᠤᠯᠵᠠᠢ᠃ ᠬᠠᠮᠤᠭ ᠤᠨ ᠡᠴᠦᠰ ᠲᠦ ᠱᠤᠭᠤᠮᠯᠢᠭ ᠵᠠᠭᠪᠤᠷ᠂ ᠯᠤᠭᠠᠷ ᠵᠠᠭᠪᠤᠷ᠂ ᠱᠤᠭᠤᠮᠯᠢᠭ ᠯᠤᠭᠠᠷ ᠤᠨ ᠵᠠᠭᠪᠤᠷ᠂ ᠯᠤᠭᠠᠷ ᠱᠤᠭᠤᠮᠯᠢᠭ ᠤᠨ ᠵᠠᠭᠪᠤᠷ ᠵᠡᠷᠭᠡ ᠳᠦᠷᠪᠡᠨ ᠵᠤᠢᠯ ᠤᠨ Hedonic ᠦᠨ᠎ᠡ ᠬᠠᠩᠰᠢ ᠶᠢᠨ ᠵᠠᠭᠪᠤᠷ ᠢᠶᠠᠷ ᠬᠡᠪ ᠦᠯᠢᠭᠡᠷ ᠪᠡ ᠣᠷᠤᠨ ᠵᠠᠢ ᠶᠢᠨ ᠲᠤᠭ᠎ᠠ ᠪᠠᠷᠢᠮᠲᠠ ᠳᠤ ᠶᠡᠷᠦᠩᠬᠡᠢ ᠵᠠᠳᠠᠯᠤᠯᠲᠠ ᠬᠢᠪᠡ᠃ ᠵᠠᠳᠠᠯᠤᠯᠲᠠ ᠶᠢᠨ ᠦᠷ᠎ᠡ ᠳ᠋ᠦᠩ ᠡᠴᠡ ᠦᠵᠡᠪᠡᠯ᠂ ᠬᠦᠬᠡᠬᠤᠲᠠ ᠶᠢᠨ ᠵᠡᠭᠦᠨ ᠬᠡᠰᠡᠭ ᠪᠤᠯᠤᠨ ᠡᠮᠦᠨ᠎ᠡ ᠬᠡᠰᠡᠭ ᠦᠨ ᠬᠤᠳᠠᠯᠳᠤᠭᠠᠨ ᠤ ᠭᠡᠷ ᠦᠨ ᠦᠨ᠎ᠡ ᠬᠠᠩᠰᠢ ᠨᠢ ᠪᠠᠷᠠᠭᠤᠨ ᠬᠡᠰᠡᠭ ᠪᠤᠯᠤᠨ ᠬᠤᠢᠲᠤ ᠬᠡᠰᠡᠭ ᠡᠴᠡ ᠶᠡᠷᠦᠩᠬᠡᠢ ᠳᠡᠭᠡᠨ ᠦᠨᠳᠦᠷ᠂ ᠡᠭᠦᠨ ᠢ ᠨᠦᠯᠦᠭᠡᠯᠡᠵᠦ ᠪᠠᠢᠭ᠎ᠠ ᠡᠯᠧᠮᠧᠨ᠋ᠲ ᠨᠢ ᠪᠠᠷᠢᠯᠭ᠎ᠠ ᠶᠢᠨ ᠵᠢᠯ ᠣᠨ᠂ ᠲᠠᠯᠠᠪᠠᠢ᠂ ᠪᠠᠢᠷᠢᠰᠢᠯ᠂ ᠠᠰᠠᠷ ᠤᠨ ᠳᠠᠪᠬᠤᠷᠭ᠎ᠠ ᠵᠡᠷᠭᠡ ᠪᠠᠷᠢᠯᠭ᠎ᠠ ᠶᠢᠨ ᠦᠪᠡᠷᠮᠢᠴᠡ ᠣᠨᠴᠠᠯᠢᠭ ᠤᠳ ᠪᠤᠯᠤᠨ᠎ᠠ᠃ ᠪᠤᠳᠠᠲᠠᠢ ᠪᠠᠷ ᠬᠡᠯᠡᠪᠡᠯ᠂ ᠳᠤᠮᠳᠠ ᠳᠠᠪᠬᠤᠷᠭ᠎ᠠ (4 ~ 6 ᠳᠠᠪᠬᠤᠷᠭ᠎ᠠ)᠋ ᠶᠢᠨ ᠦᠨ᠎ᠡ ᠬᠠᠩᠰᠢ ᠨᠢ ᠦᠨᠳᠦᠷ ᠳᠠᠪᠬᠤᠷᠭ᠎ᠠ ᠪᠤᠯᠤᠨ ᠳᠤᠮᠳᠠ ᠦᠨᠳᠦᠷ ᠳᠠᠪᠬᠤᠷᠭ᠎ᠠ ᠠᠴᠠ ᠦᠨᠳᠦᠷ ᠪᠠᠢᠳᠠᠭ᠃ ᠬᠦᠷᠰᠢ ᠰᠠᠭᠠᠯᠲᠠ ᠦᠪᠡᠷᠮᠢᠴᠡ ᠣᠨᠴᠠᠯᠢᠭ ᠳᠤᠮᠳᠠ ᠦᠨ᠎ᠡ ᠬᠠᠩᠰᠢ ᠳᠤ ᠬᠠᠮᠤᠭ ᠤᠨ ᠢᠯᠡᠷᠬᠡᠢ ᠨᠦᠯᠦᠭᠡ ᠦᠵᠡᠭᠦᠯᠳᠡᠭ ᠡᠯᠧᠮᠧᠨ᠋ᠲ ᠨᠢ ᠬᠤᠳᠠᠯᠳᠤᠭᠠᠨ ᠤ ᠲᠦᠪ᠂ ᠡᠮᠨᠡᠯᠭᠡ ᠶᠢᠨ ᠬᠤᠷᠢᠶ᠎ᠠ᠂ ᠶᠡᠬᠡ ᠰᠤᠷᠭᠠᠭᠤᠯᠢ ᠵᠢᠴᠢ ᠴᠡᠴᠡᠷᠯᠢᠭ ᠪᠤᠯᠤᠨ᠎ᠠ᠃ ᠡᠭᠦᠨ ᠦ ᠳᠤᠲᠤᠷ᠎ᠠ ᠯᠤᠭᠠᠷ ᠵᠠᠭᠪᠤᠷ ᠨᠢ ᠲᠤᠬᠢᠷᠠᠭᠤᠯᠤᠭᠰᠠᠨ R2=0.860᠂ 20 ᠬᠤᠪᠢᠰᠠᠳ ᠤ ᠪᠤᠴᠠᠯᠲᠠ ᠶᠢᠨ ᠢᠯᠡᠳᠭᠡᠮᠵᠢ ᠶᠢᠨ t ᠰᠢᠯᠭᠠᠨ ᠪᠠᠢᠴᠠᠭᠠᠯᠲᠠ ᠶᠢᠨ ᠢᠯᠡᠷᠬᠡᠢ ᠬᠡᠮᠵᠢᠶ᠎ᠡ ᠨᠢ 5% ᠡᠴᠡ ᠪᠠᠭ᠎ᠠ ᠪᠠᠢᠵᠤ᠂ ᠶᠡᠷᠦᠩᠬᠡᠢ ᠦᠷ᠎ᠡ ᠳ᠋ᠦᠩ ᠨᠢ ᠬᠠᠮᠤᠭ ᠤᠨ ᠰᠠᠢᠨ ᠶᠤᠮ᠃ |
Original Literature |
No Original Paper
|
出自 |
内蒙古师范大学学报(自然科学蒙古文版)
2015年
第3期
|